3 ᠳ᠋ᠤᠭᠠᠷ ᠰᠠᠷ᠎ᠠ ᠶᠢᠨ 1 ᠤ ᠡᠳᠦᠷ᠂ ᠢᠦᠢ ᠴᠢᠤᠸᠠᠨ ᠲᠣᠭᠤᠷᠢᠭ ᠤᠨ ᠪᠤᠭᠤᠮᠲᠠ ᠶᠢᠨ ᠬᠠᠭᠤᠴᠢᠨ | ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ | ᠭᠠᠵᠠᠷ ᠪᠣᠯᠵᠤ᠂ ᠢᠦᠢ ᠴᠢᠤᠸᠠᠨ ᠲᠣᠭᠤᠷᠢᠭ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠠᠳᠡ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ | ᠣᠯᠠᠨ ᠰᠠᠯᠠᠭ᠎ᠠ ᠮᠥᠴᠢᠷ ᠬᠠᠮᠲᠤᠷᠠᠨ ᠡᠷᠭᠢᠯᠡᠵᠦ᠂ ᠳᠠᠭᠠᠭᠠᠨ ᠡᠷᠭᠢᠯᠡᠬᠦ ᠪᠠ ᠬᠠᠪᠰᠤᠷᠤᠨ ᠡᠷᠭᠢᠯᠡᠵᠦ᠂ ᠶᠡᠭᠡ | ᠬᠡᠮᠵᠢᠶᠡᠨ ᠤ ᠬᠤᠲᠠ ᠶᠢᠨ ᠠᠷᠠᠳ ᠣᠷᠣᠯᠴᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠭᠰᠠᠨ ᠴᠠᠭ ᠦᠶ᠎ᠡ ᠶᠢᠨ ᠬᠥᠭᠵᠢᠮ ᠢ ᠬᠠᠮᠲᠤᠪᠠᠷ ᠬᠥᠭᠵᠢᠮᠳᠡᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠲᠣᠬᠢᠷᠠᠭᠤᠯᠤᠭᠰᠠᠨ ᠣᠯᠠᠨ ᠦᠵᠡᠭᠦᠯᠦᠯᠭᠡ ᠪᠠ ᠦᠢᠯᠡᠴᠢᠯᠡᠭᠡᠨ ᠤ | ᠣᠷᠣᠨ ᠪᠦᠰᠡ ᠨᠢ ᠯᠸᠢ ᠹᠧᠩ ᠤᠨ ᠵᠣᠷᠢᠭ ᠰᠠᠨᠠᠭ᠎ᠠ ᠶᠢ ᠡᠯ᠎ᠡ ᠬᠦᠷᠢᠶᠡᠨ ᠳᠤ ᠦᠨᠳᠦᠰᠦᠯᠡᠭᠦᠯᠵᠦ ᠪᠠᠶᠢᠬᠤ ᠶᠢ | ᠭᠦᠢᠴᠡᠳ ᠢᠯᠡᠷᠡᠭᠦᠯᠪᠡ᠃ ᠲᠠᠶᠢᠰᠠᠨ ᠤ ᠬᠤᠶᠢᠲᠤ ᠲᠠᠯ᠎ᠠ ᠳᠤ᠂ ᠮᠦ ᠯᠧ ᠦᠢᠯᠡᠳᠬᠡᠯ ᠤᠨ ᠭᠠᠵᠠᠷ ᠤᠨ ᠬᠢᠨ ᠯᠸᠢ | ᠹᠧᠩ ᠤᠨ ᠭᠤᠣᠯ ᠰᠡᠳᠦᠪᠲᠦ ᠴᠠᠭᠠᠰᠤᠨ ᠬᠠᠶᠢᠴᠢᠯᠠᠮᠠᠯ ᠵᠢᠴᠢ ᠹᠠᠯᠠᠨ ᠴᠢᠮᠬᠢᠭᠰᠡᠨ ᠪᠤᠳᠠᠰ ᠤᠨ ᠪᠤᠰᠤ ᠰᠣᠶᠣᠯ ᠤᠨ | ᠥᠪ ᠤᠨ ᠪᠦᠲᠦᠭᠡᠯ ᠢ ᠳᠡᠯᠭᠡᠨ ᠦᠵᠡᠭᠦᠯᠵᠦ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ | ᠬᠤᠳᠠᠯᠳᠤᠨ ᠠᠪᠤᠪᠠ᠃ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠵᠣᠬᠢᠶᠠᠨ | ᠪᠠᠶᠢᠭᠤᠯᠤᠭᠰᠠᠨ ᠯᠸᠢ ᠹᠧᠩ ᠤᠨ ᠭᠤᠤᠯ ᠰᠡᠳᠦᠪᠲᠦ ᠰᠤᠷᠤᠭᠴᠢᠳ ᠤᠨ ᠭᠠᠷ ᠤᠷᠠᠯᠠᠯ ᠤᠨ ᠬᠤᠳᠠᠯᠳᠤᠭ᠎ᠠ ᠵᠢᠴᠢ | ᠯᠸᠢ ᠹᠧᠩ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠦᠵᠡᠭᠦᠯᠦᠯᠭᠡ ᠨᠢ ᠵᠠᠯᠠᠭᠤᠴᠤᠳ | ᠪᠠᠭᠠᠴᠤᠳ ᠤᠨ ᠯᠸᠢ ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠶ ᠤᠯᠠᠮᠵᠢᠯᠠᠨ ᠵᠠᠯᠭᠠᠮᠵᠢᠯᠠᠭᠰᠠᠨ ᠢ ᠢᠯᠡᠷᠡᠭᠦᠯᠦᠭᠰᠡᠨ | ᠪᠠᠶᠢᠨ᠎ᠠ᠃ ᠬᠡᠦᠬᠡᠳ ᠤᠨ ᠴᠢᠩ ᠦᠨᠡᠨᠴᠢ ᠪᠠ ᠬᠦᠨᠳᠦᠳᠬᠡᠯ ᠢᠶᠠᠷ ᠪᠢᠯᠬᠠᠭᠰᠠᠨ ᠭᠠᠷ ᠤᠷᠠᠯᠠᠯ ᠤᠨ | ᠪᠦᠲᠦᠭᠡᠯ ᠤᠳ ᠨᠢ ᠬᠡᠦᠬᠡᠳ ᠤᠨ ᠯᠸᠢ ᠹᠧᠩ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠶᠢ ᠳᠠᠮᠵᠢᠭᠤᠯᠵᠤ | ᠪᠠᠶᠢᠪᠠ᠃ ᠣᠷᠳᠣᠰ ᠵᠠᠮ ᠤᠨ ᠵᠡᠭᠡᠯᠢ ᠭᠤᠳᠤᠮᠵᠢ ᠶᠢᠨ ᠬᠤᠸᠠ ᠢᠦᠢ ᠨᠡᠶᠢᠭᠡᠮ ᠲᠣᠭᠤᠷᠢᠭ ᠤᠨ ᠯᠧᠢ ᠹᠧᠩ ᠤᠨ | ᠰᠡᠳᠦᠪᠲᠦ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠪᠣᠯᠤᠨ ᠪᠦᠲᠦᠭᠡᠯ ᠤᠨ ᠳᠡᠯᠭᠡᠨ ᠦᠵᠡᠭᠦᠯᠦᠯᠭᠡ ᠵᠢᠴᠢ | ᠥᠪᠥᠷ ᠮᠣᠩᠭᠤᠯ ᠤᠨ ᠶᠦᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠥᠷᠨᠢᠭᠦᠯᠦᠭᠰᠡᠨ ᠪᠣᠯᠪᠠᠰᠤᠨ ᠤ | ᠠᠵᠢᠯᠯᠠᠭ᠎ᠠ ᠶᠢ ᠰᠠᠨᠠᠭᠠᠴᠢᠯᠠᠬᠤ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯᠯᠠᠭ᠎ᠠ ᠨᠢ ᠠᠳᠠᠯᠢᠬᠠᠨ ᠮᠠᠰᠢ ᠣᠯᠠᠨ ᠬᠤᠲᠠ ᠶᠢᠨ ᠠᠷᠠᠳ ᠢ ᠲᠠᠲᠠᠵᠤ | ᠬᠠᠷᠢᠯᠴᠠᠨ ᠬᠦᠲᠡᠯᠦᠯᠴᠡᠬᠦ ᠳᠤ ᠣᠷᠣᠯᠴᠠᠭᠤᠯᠵᠠᠢ᠃ | | | | | ᠲᠠᠶᠢᠰᠠᠨ ᠤ ᠡᠮᠦᠨ᠎ᠡ ᠲᠠᠯ᠎ᠠ ᠳᠤ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠠᠳᠠᠯᠢᠬᠠᠨ ᠬᠦᠷ ᠬᠥᠭᠵᠢᠶᠡᠨ ᠲᠠᠢ ᠶᠠᠪᠤᠭᠳᠠᠪᠠ᠃ ᠢᠦᠢ ᠴᠢᠤᠸᠠᠨ ᠲᠣᠭᠤᠷᠢᠭ ᠤᠨ ᠪᠠᠶᠢᠴᠠᠭᠠᠬᠤ ᠬᠤᠷᠢᠶᠠᠨ ᠤ ᠯᠤᠤ | ᠲᠢᠶᠠᠨ ᠠᠵᠢᠯᠯᠠᠬᠤ ᠲᠠᠰᠤᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠴᠢ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠢᠯᠡᠴᠢᠯᠡᠭᠡ ᠨᠢ ᠬᠤᠲᠠ ᠶᠢᠨ ᠠᠷᠠᠳ ᠤᠨ ᠰᠡᠵᠢᠭ ᠢ ᠲᠠᠶᠢᠯᠪᠠ︔ ᠬᠥᠬᠡᠬᠤᠲᠠ ᠶᠢᠨ ᠯᠦᠩ | ᠲᠧᠩ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠭᠡᠳ ᠦᠨ᠎ᠡ | ᠲᠥᠯᠥᠪᠦᠷᠢ ᠦᠭᠡᠢ ᠪᠠᠷ ᠲᠠᠷᠬᠠᠭᠠᠭᠰᠠᠨ ᠸᠢᠴᠠᠲ ᠤᠨ ᠰᠢᠷ᠎ᠠ ᠭᠠᠷ ᠴᠠᠭᠠᠷᠢᠭ ᠨᠢ ᠬᠤᠲᠠ ᠶᠢᠨ ᠠᠷᠠᠳ ᠤᠨ | ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠬᠠᠮᠠᠭᠠᠯᠠᠪᠠ︔ ᠬᠥᠬᠡᠬᠤᠲᠠ ᠶᠢᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠦᠢᠯᠡᠴᠢᠯᠡᠭᠡᠨ ᠤ ᠲᠥᠪ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠤᠭᠰᠠᠨ ᠨᠢ ᠬᠤᠲᠠ ᠶᠢᠨ | ᠠᠷᠠᠳ ᠢ ᠬᠥᠲᠥᠯᠦᠨ ᠵᠢᠯᠣᠭᠤᠳᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠳᠬᠠᠯ ᠲᠠᠢ ᠪᠤᠯᠭᠠᠪᠠ︔ | ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ︽ᠰᠡᠳᠭᠢᠯ ᠵᠢᠷᠦᠬᠡ ᠪᠠᠨ ᠬᠤᠯᠪᠣᠵᠤ᠂ ᠠᠮᠢ ᠨᠠᠰᠤ ᠶᠢ | ᠭᠡᠷᠡᠯᠲᠦᠭᠦᠯᠬᠦ︾ ᠵᠢᠷᠦᠬᠡ ᠠᠭᠤᠰᠬᠢ ᠶᠢᠨ ᠰᠡᠷᠭᠦᠯᠲᠡ ᠶᠢᠨ ᠪᠣᠯᠪᠠᠰᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢᠨ ᠲᠤᠬᠠᠢ ᠶᠢᠨ ᠲᠠᠯᠠᠪᠠᠢ ᠳᠤ ᠵᠢᠷᠦᠬᠡ ᠠᠭᠤᠰᠬᠢ ᠶᠢᠨ ᠰᠡᠷᠭᠦᠯᠲᠡ ᠶᠢᠨ ᠮᠡᠳᠡᠯᠭᠡ ᠶᠢ ᠲᠠᠶᠢᠯᠪᠤᠷᠢᠯᠠᠵᠤ᠂ | ᠪᠠᠴᠢᠮ ᠠᠪᠤᠷᠠᠯᠲᠠ ᠶᠢᠨ ᠮᠡᠷᠭᠡᠵᠢᠯ ᠢ ᠣᠯᠠᠨ ᠲᠦᠮᠡᠨ ᠤ ᠠᠮᠢᠳᠤᠷᠠᠯ ᠳᠤ ᠣᠷᠣᠭᠤᠯᠪᠠ︔ ᠢᠦᠢ ᠴᠢᠤᠸᠠᠨ | ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠶᠢᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠭᠠᠯ | ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠨᠢ | ᠬᠤᠲᠠ ᠶᠢᠨ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ︔ ᠢᠦᠢ | ᠴᠢᠤᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠵᠠᠯᠠᠭᠤᠴᠤᠳ ᠪᠠᠭᠠᠴᠤᠳ ᠲᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠪᠦᠬᠦ ᠠᠷᠠᠳ ᠤᠨ ᠨᠣᠮ ᠤᠩᠰᠢᠬᠤ ᠶᠢ ᠳᠡᠯᠭᠡᠷᠡᠭᠦᠯᠦᠨ | ᠤᠬᠠᠭᠤᠯᠵᠤ᠂ ᠰᠢᠨᠵᠢᠯᠡᠬᠦ ᠤᠬᠠᠭᠠᠨ ᠤ ᠦᠵᠡᠭᠦᠯᠦᠯᠭᠡ ᠪᠠᠷ ᠳᠠᠮᠵᠢᠨ ᠪᠢᠴᠢᠬᠠᠨ ᠨᠠᠶᠢᠵᠠ ᠨᠠᠷ ᠤᠨ ᠰᠢᠨᠵᠢᠯᠡᠬᠦ | ᠤᠬᠠᠭᠠᠨ ᠪᠠ ᠣᠩᠰᠢᠯᠭ᠎ᠠ ᠶᠢᠨ ᠬᠠᠶᠢᠷ᠎ᠠ ᠰᠡᠳᠭᠢᠯᠭᠡ ᠶᠢ ᠬᠦᠭᠵᠢᠭᠡᠪᠡ᠃ | | | | | ᠢᠷᠡᠭᠡᠳᠦᠢ ᠳᠤ᠂ ᠢᠦᠢ ᠴᠢᠤᠸᠠᠨ ᠲᠣᠭᠤᠷᠢᠭ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠯᠸᠢ ᠹᠧᠩ ᠤᠨ ᠵᠣᠷᠢᠭ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠡᠩ ᠤᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠵᠦ᠂ ᠡᠶ᠎ᠡ ᠵᠣᠬᠢᠴᠠᠩᠭᠤᠢ ᠢᠦᠢ ᠴᠢᠤᠸᠠᠨ ᠢ ᠬᠠᠮᠲᠤᠪᠠᠷ ᠪᠦᠳᠦᠭᠡᠨ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |