ᠢᠦᠢ ᠴᠢᠤᠸᠠᠨ ᠲᠣᠭᠤᠷᠢᠭ 2025 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ᠦᠨᠳᠦᠷ ᠤᠨᠠᠯᠲᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
     ᠥᠷᠭᠡᠨ ᠣᠯᠠᠨ ᠲᠠᠷᠢᠮᠠᠯ ᠤᠨ ᠡᠷᠦᠬᠡ ᠶᠢ ᠬᠠᠪᠰᠤᠷᠤᠨ ᠮᠠᠨ ᠤ ᠲᠤᠭᠤᠷᠢᠭ ᠤᠨ ᠡᠷᠳᠡᠨᠢ ᠰᠢᠰᠢ ᠶᠢᠨ ᠤᠨᠠᠯᠲᠠ ᠶᠢ ᠳᠡᠭᠡᠭᠰᠢᠯᠡᠭᠦᠯᠵᠦ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠡᠵᠡᠮᠰᠢᠭᠦᠯᠬᠦ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠲᠤᠷᠠᠨ ᠲᠠᠷᠢᠶᠠᠯᠠᠩ ᠳᠤ ᠬᠤᠯᠪᠣᠭᠳᠠᠬᠤ ᠡᠯ᠎ᠡ ᠪᠠᠯᠭᠠᠰᠤ ᠠᠯᠪᠠᠨ ᠬᠡᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠱᠦᠵᠢ᠂ ᠲᠠᠷᠢᠮᠠᠯ ᠤᠨ ᠲᠣᠮᠣ ᠡᠷᠦᠬᠡ᠂ ᠬᠤᠷᠰᠢᠶ᠎ᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠢᠦᠶ ᠴᠢᠤᠸᠠᠨ ᠲᠣᠭᠤᠷᠢᠭ ᠤᠨ 2025 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ᠦᠨᠳᠦᠷ ᠤᠨᠠᠯᠲᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠲᠣᠰ ᠤᠳᠠᠭᠠᠨ ᠤ ᠪᠣᠯᠪᠠᠰᠤᠷᠠᠯ ᠳᠤ ᠮᠠᠰᠢ ᠣᠯᠠᠨ ᠲᠠᠷᠢᠮᠠᠯ ᠤᠨ ᠡᠷᠦᠬᠡ ᠪᠠ ᠲᠠᠷᠢᠶᠠᠯᠠᠩ ᠤᠨ ᠬᠦᠷᠢᠶᠡᠨ ᠳᠠᠬᠢ ᠠᠵᠢᠯᠯᠠᠭᠴᠢᠳ ᠢ ᠲᠡᠳᠡᠨ ᠣᠷᠣᠯᠴᠠᠭᠤᠯᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨᠲᠡᠶ ᠪᠣᠯᠪᠠ᠃
     ᠲᠣᠰ ᠤᠳᠠᠭᠠᠨ ᠤ ᠪᠣᠯᠪᠠᠰᠤᠷᠠᠯ ᠳᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠤᠸᠠᠢ ᠵᠢᠶᠦ᠋ᠨ ᠳ᠋ᠣᠺᠲ᠋ᠣᠷ ᠢ ᠣᠨᠴᠠᠭᠠᠶᠢᠯᠠᠨ ᠤᠷᠢᠵᠤ ︽ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ᠦᠨᠳᠦᠷ ᠤᠨᠠᠯᠲᠠ ᠶᠢᠨ ᠵᠠᠩᠭᠢᠯᠠᠭ᠎ᠠ ᠶᠢᠨ ᠮᠡᠷᠭᠡᠵᠢᠯ︾ ᠳᠤ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠣᠯᠭ᠎ᠠ ᠬᠢᠯᠭᠡᠵᠦ᠂ ᠰᠢᠤᠸᠠᠢ ᠵᠢᠶᠦ᠋ᠨ ᠳ᠋ᠣᠺᠲ᠋ᠣᠷ ᠭᠤᠤᠯᠳᠠᠭᠤ ᠡᠷᠳᠡᠨᠢ ᠰᠢᠰᠢ ᠶᠢᠨ ᠹᠢᠽᠢᠣᠯᠣᠭᠢ ᠶᠢᠨ ᠠᠮᠢ ᠠᠬᠤᠶ ᠬᠢᠭᠡᠳ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠳᠠᠷᠢᠵᠤ ᠪᠤᠶᠢᠵᠢᠭᠤᠯᠬᠤ ᠰᠤᠳᠤᠯᠭᠠᠨ ᠤ ᠠᠵᠢᠯ ᠢ ᠬᠢᠵᠦ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠭᠦᠨ ᠵᠤᠵᠠᠭᠠᠨ ᠲᠤᠰᠬᠠᠶ ᠮᠡᠷᠭᠡᠵᠢᠯ ᠤᠨ ᠮᠡᠳᠡᠯᠭᠡ ᠪᠠᠷ ᠡᠷᠳᠡᠨᠢ ᠰᠢᠰᠢ ᠶᠢᠨ ᠪᠦᠷᠢᠨ ᠤᠷᠭᠤᠯᠲᠠ ᠶᠢᠨ ᠬᠤᠭᠤᠴᠠᠭᠠᠨ ᠤ ᠣᠨᠴᠠᠯᠢᠭ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠭ᠎ᠠ ᠤᠷᠤᠰᠬᠠᠯᠲᠤ ᠳᠤᠰᠤᠭᠠᠭᠤᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠡᠵᠡᠮᠳᠡᠯ ᠵᠡᠷᠭᠡ ᠣᠯᠠᠨ ᠲᠠᠯ᠎ᠠ ᠶᠢᠨ ᠮᠡᠷᠭᠡᠵᠢᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠭᠰᠠᠨ ᠪᠥᠭᠡᠳ ᠨᠢᠭᠲᠠ ᠳᠠᠷᠢᠬᠤ ᠳᠤ ᠲᠣᠬᠢᠷᠠᠬᠤ ᠮᠥᠷᠲᠡᠭᠡᠨ ᠨᠠᠯᠠᠨ ᠤᠨᠠᠬᠤ ᠶᠢ ᠡᠰᠡᠷᠭᠦᠴᠡᠬᠦ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ ᠡᠭᠦᠯᠳᠡᠷ ᠢ ᠰᠤᠩᠭᠤᠬᠤ ᠶᠢ ᠴᠢᠬᠤᠯᠠᠴᠢᠯᠠᠵᠤ᠂ ᠵᠦᠶ ᠵᠣᠬᠢᠰᠲᠠᠶ ᠨᠢᠭᠲᠠ ᠳᠠᠷᠢᠬᠤ ᠪᠣᠳᠠᠲᠠᠶ ᠵᠠᠶ ᠪᠠ ᠨᠢᠭᠲᠠᠴᠠ ᠶᠢᠨ ᠪᠤᠳᠤᠬᠤ ᠠᠷᠭ᠎ᠠ ᠳᠤ ᠴᠢᠭᠯᠡᠭᠦᠯᠦᠨ ᠨᠠᠷᠢᠨ ᠨᠢᠮᠪᠠᠶ ᠲᠣᠳᠣᠷᠬᠠᠶᠢᠯᠠᠨ ᠥᠭᠦᠯᠡᠪᠡ᠃
     ᠬᠠᠷᠢᠯᠴᠠᠨ ᠮᠠᠳᠠᠭ ᠲᠠᠢ ᠠᠰᠠᠭᠤᠳᠠᠯ ᠢ ᠬᠠᠷᠢᠭᠤᠯᠬᠤ ᠭᠤᠭᠴᠤᠭ᠎ᠠ ᠳᠤ᠂ ᠣᠯᠠᠨ ᠢᠶᠠᠷ ᠢᠶᠠᠨ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠵᠠᠷᠢᠮ ᠳᠠᠷᠢᠬᠤ ᠡᠷᠦᠬᠡ ᠥᠪᠡᠷ ᠤᠨ ᠭᠠᠵᠠᠷ ᠰᠢᠷᠣᠶ ᠬᠥᠷᠥᠰᠥ ᠰᠢᠷᠣᠶ ᠶᠢᠨ ᠦᠩ ᠰᠢᠮᠡᠯᠢᠭ ᠪᠠᠶᠢᠳᠠᠯ ᠳᠤ ᠶᠠᠮᠠᠷ ᠲᠦᠷᠦᠯ ᠤᠨ ᠨᠢᠭᠲᠠ ᠲᠠᠷᠢᠵᠤ ᠤᠷᠭᠤᠭᠤᠯᠬᠤ ᠬᠡᠮᠵᠢᠶ᠎ᠡ ᠲᠤᠬᠢᠷᠠᠬᠤ ᠶᠢ ᠠᠰᠠᠭᠤᠵᠤ᠂ ᠵᠠᠷᠢᠮ ᠨᠢ ᠡᠷᠳᠡᠨᠢ ᠰᠢᠰᠢ ᠶᠢ ᠨᠢᠭᠲᠠ ᠳᠠᠷᠢᠵᠤ ᠤᠷᠭᠤᠭᠤᠯᠤᠭᠰᠠᠨ ᠡᠭᠦᠯᠳᠡᠷ ᠢ ᠰᠣᠩᠭᠤᠨ ᠪᠤᠶᠢᠵᠢᠭᠤᠯᠤᠭᠰᠠᠨ ᠵᠡᠷᠭᠡ ᠠᠰᠠᠭᠤᠳᠠᠯ ᠳᠤ ᠠᠰᠠᠭᠤᠯᠲᠠ ᠲᠠᠯᠪᠢᠵᠤ᠂ ᠲᠤᠰᠬᠠᠶ ᠮᠡᠷᠭᠡᠵᠢᠯᠲᠡᠳ ᠠᠰᠠᠭᠤᠳᠠᠯ ᠨᠢᠭᠡᠪᠦᠷᠢ ᠶᠢ ᠬᠦᠯᠢᠴᠡᠩᠭᠦᠶ ᠪᠠᠷ ᠰᠣᠨᠣᠰᠬᠤ ᠶᠢᠨ ᠬᠠᠮᠲᠤ ᠲᠤᠰᠬᠠᠶ ᠮᠡᠷᠭᠡᠵᠢᠯ᠂ ᠨᠠᠷᠢᠨ ᠨᠢᠮᠪᠠᠶ ᠬᠠᠷᠢᠭᠤᠯᠲᠠ ᠥᠭᠴᠦ᠂ ᠲᠤᠬᠠᠶ ᠶᠢᠨ ᠲᠠᠯᠠᠪᠤᠷ ᠲᠤ ᠮᠠᠰᠢ ᠬᠥᠭᠵᠢᠶᠡᠨᠲᠡᠶ ᠶᠠᠷᠢᠯᠴᠠᠪᠠ᠃      ᠣᠶᠢᠯᠠᠭᠠᠭᠰᠠᠨ ᠢᠶᠠᠷ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠨᠢᠭᠡᠨᠲᠡ ᠬᠦᠷᠴᠦ᠂ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠡᠬᠢᠯᠡᠯᠲᠡ ᠪᠣᠯᠤᠭᠰᠠᠨ ᠤ ᠬᠤᠪᠢ ᠳᠤ᠂ ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠤᠨ ᠠᠵᠢᠯ ᠢ ᠢᠳᠡᠪᠬᠢᠲᠡᠶ ᠪᠠᠷ ᠲᠥᠯᠥᠪᠯᠡᠨ ᠪᠠᠶᠢᠷᠢᠯᠠᠭᠤᠯᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠶᠢ ᠰᠠᠶᠢᠲᠤᠷ ᠲᠠᠯᠪᠢᠪᠠ᠃ ᠡᠷᠳᠡᠨᠢ ᠰᠢᠰᠢ ᠮᠠᠨ ᠤ ᠤᠯᠤᠰ ᠤᠨ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠨᠢᠭᠡ ᠪᠣᠯᠤᠭᠰᠠᠨ ᠤ ᠬᠤᠪᠢ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠳᠤᠮᠳᠠ ᠴᠢᠬᠤᠯᠠ ᠪᠠᠶᠢᠷᠢ ᠰᠠᠭᠤᠷᠢ ᠲᠠᠢ ᠪᠥᠭᠡᠳ ᠪᠠᠰᠠ ᠮᠠᠨ ᠤ ᠲᠤᠭᠤᠷᠢᠭ ᠤᠨ ᠭᠤᠤᠯ ᠪᠣᠯᠬᠤ ᠲᠠᠷᠢᠮᠠᠯ ᠪᠣᠯᠤᠨ᠎ᠠ᠃ 2025 ᠣᠨ ᠳᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠄ ︽ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠬᠡᠪᠴᠢᠶ᠎ᠡ ᠪᠠᠷ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠲᠠᠯᠠᠪᠠᠶ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠶᠢ ᠲᠦᠯᠬᠢᠨ ᠠᠬᠢᠭᠤᠯᠵᠤ᠂ ᠶᠡᠭᠡ ᠬᠡᠪᠴᠢᠶ᠎ᠡ ᠪᠠᠷ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︾᠃ ᠡᠶᠢᠮᠦ ᠠᠴᠠ᠂ ᠮᠠᠨ ᠤ ᠲᠤᠭᠤᠷᠢᠭ ᠤᠨ ᠡᠷᠳᠡᠨᠢ ᠰᠢᠰᠢ ᠲᠠᠷᠢᠬᠤ ᠮᠡᠷᠭᠡᠵᠢᠯ ᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠮᠠᠨ ᠤ ᠲᠤᠭᠤᠷᠢᠭ ᠤᠨ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠳᠤ ᠨᠡᠩ ᠴᠢᠬᠤᠯᠠ ᠶᠤᠮ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠲᠠᠷᠢᠶᠠᠯᠠᠩ ᠳᠤ ᠬᠤᠯᠪᠣᠭᠳᠠᠬᠤ ᠡᠯ᠎ᠡ  ᠪᠠᠯᠭᠠᠰᠤ ᠠᠯᠪᠠᠨ ᠭᠡᠷ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠮᠡᠷᠭᠡᠵᠢᠯ ᠤᠨ ᠪᠤᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢ ᠱᠠᠭᠠᠷᠳᠠᠵᠤ᠂ ᠡᠷᠳᠡᠨᠢ ᠰᠢᠰᠢ ᠶᠢᠨ ᠪᠦᠬᠦ ᠤᠷᠭᠤᠯᠲᠠ ᠶᠢᠨ ᠬᠤᠭᠤᠴᠠᠭᠠᠨ ᠳᠠᠬᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠲᠦᠭᠡᠮᠡᠯᠵᠢᠯᠲᠡ ᠶᠢᠨ ᠨᠤᠷᠮ᠎ᠠ ᠶᠢ ᠥᠷᠭᠡᠳᠬᠡᠵᠦ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠮᠠᠨ ᠤ ᠲᠤᠭᠤᠷᠢᠭ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠠᠭᠤᠷᠢ ᠲᠠᠯᠪᠢᠵᠤ᠂ ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠲᠠᠷᠢᠶᠠᠯᠠᠩ ᠳᠤ ᠬᠤᠯᠪᠣᠭᠳᠠᠬᠤ ᠡᠯ᠎ᠡ ᠪᠠᠯᠭᠠᠰᠤ ᠠᠯᠪᠠᠨ ᠬᠡᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠱᠦᠵᠢ᠂ ᠲᠠᠷᠢᠮᠠᠯ ᠤᠨ ᠲᠤᠮᠤ ᠡᠷᠦᠬᠡ᠂ ᠬᠤᠷᠰᠢᠶ᠎ᠠ ᠶᠢᠨ ᠬᠠᠷᠢᠭᠤᠴᠠᠯᠭᠠᠲᠠᠨ ᠳᠤ ᠰᠢᠨ᠎ᠡ ᠮᠡᠷᠭᠡᠵᠢᠯ ᠤᠨ ᠵᠠᠭᠪᠤᠷ ᠢ ᠬᠦᠷᠲᠡᠭᠡᠵᠦ᠂ ᠲᠡᠷᠢᠭᠦᠨ ᠤ ᠡᠷᠳᠡᠨᠢ ᠰᠢᠰᠢ ᠲᠠᠷᠢᠬᠤ ᠮᠡᠷᠭᠡᠵᠢᠯ ᠢ ᠡᠵᠡᠮᠰᠢᠵᠦ᠂ ᠲᠣᠰᠬᠤᠨ ᠤ ᠪᠤᠰᠤᠳ ᠲᠠᠷᠢᠶᠠᠴᠢᠨ ᠡᠷᠦᠬᠡ ᠳᠤ ᠰᠠᠶᠢᠨ ᠮᠡᠷᠭᠡᠵᠢᠯ ᠢ ᠳᠡᠯᠭᠡᠷᠡᠭᠦᠯᠦᠨ ᠤᠬᠠᠭᠤᠯᠵᠤ᠂ ᠨᠡᠩ ᠤᠯᠠᠨ ᠲᠠᠷᠢᠶᠠᠴᠢᠨ ᠡᠷᠦᠬᠡ ᠶᠢ ᠲᠠᠶᠢᠴᠢᠯᠠᠨ ᠰᠢᠨ᠎ᠡ ᠮᠡᠷᠭᠡᠵᠢᠯ ᠢ ᠬᠡᠷᠡᠭᠯᠡᠵᠦ᠂ ᠢᠦᠢ ᠴᠢᠤᠸᠠᠨ ᠲᠣᠭᠤᠷᠢᠭ ᠤᠨ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃      ᠲᠣᠰ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ ᠦᠨᠳᠦᠷ ᠤᠨᠠᠯᠲᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠤᠯᠪᠠᠰᠤᠷᠠᠯ ᠤᠨ ᠬᠤᠷᠠᠯ ᠨᠢ ᠲᠠᠷᠢᠮᠠᠯ ᠤᠨ ᠡᠷᠦᠬᠡ ᠳᠤ ᠰᠤᠷᠤᠯᠴᠠᠵᠤ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠮᠠᠨ ᠤ ᠲᠤᠭᠤᠷᠢᠭ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠮᠠᠨ ᠤ ᠲᠤᠭᠤᠷᠢᠭ ᠤᠨ ᠲᠠᠷᠢᠶᠠᠴᠢᠨ ᠡᠷᠦᠬᠡ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠳᠤ ᠰᠢᠨ᠎ᠡ ᠰᠡᠳᠬᠢᠮᠵᠢ ᠬᠠᠩᠭᠠᠵᠤ᠂ ᠮᠠᠨ ᠤ ᠲᠤᠭᠤᠷᠢᠭ ᠤᠨ ᠲᠠᠷᠢᠶᠠᠯᠠᠩ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠶᠢ ᠰᠠᠶᠢᠲᠤᠷ ᠲᠠᠯᠪᠢᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠶᠢ ᠦᠷᠭᠦᠯᠵᠢᠯᠡᠨ ᠳᠥᠯᠭᠢᠨ ᠠᠬᠢᠭᠤᠯᠪᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号