3 ᠳ᠋ᠤᠭᠠᠷ ᠰᠠᠷ᠎ᠠ ᠶᠢᠨ 4 ᠤ ᠡᠳᠦᠷ᠂ ᠢᠦᠢ ᠴᠢᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ | 2025 ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ | ᠬᠤᠷᠠᠯ ᠢ ᠬᠤᠷᠠᠯᠳᠤᠭᠤᠯᠵᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠶᠦᠨ | ᠨᠥᠬᠦᠷ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠶᠠᠩ ᠵᠢᠶᠧ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ 2024 ᠣᠨ ᠤ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠳ᠋ᠦᠩᠨᠡᠬᠦ ᠶᠢᠨ ᠬᠠᠮᠲᠤ 2025 | ᠣᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠷᠢᠨ | ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠵᠠᠩ ᠬᠤ᠋ ᠫᠢᠩ ᠪᠥᠬᠦ ᠲᠤᠭᠤᠷᠢᠭ ᠤᠨ 2024 ᠣᠨ ᠤ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠡᠬᠡ ᠨᠣᠤᠷᠠᠭ ᠢ ᠬᠡᠷᠡᠭᠯᠡᠭᠰᠡᠨ | ᠪᠠᠶᠢᠳᠠᠯ ᠢ ᠵᠠᠷᠯᠠᠨ ᠮᠡᠳᠡᠭᠳᠡᠵᠦ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠤᠳᠤᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠨ ᠵᠢᠴᠢ ᠪᠠᠶᠢᠭᠤᠯᠭ᠎ᠠ ᠶᠢᠨ ᠺᠠᠳ᠋ᠷ ᠪᠠᠷᠤᠭ 180 | ᠭᠠᠷᠤᠶ ᠬᠥᠮᠦᠨ ᠬᠤᠷᠠᠯ ᠳᠤ ᠣᠷᠣᠯᠴᠠᠵᠠᠶ᠃ | | | | | ᠬᠤᠷᠠᠯ ᠠᠴᠠ ᠵᠢᠭᠠᠨ ᠭᠠᠷᠭᠠᠭᠰᠠᠨ ᠨᠢ᠂ 2025 ᠣᠨ ᠳᠤ ᠢᠦᠢ ᠴᠢᠤᠸᠠᠨ ᠲᠣᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠲᠠᠭᠤᠳᠠᠯ ᠢᠶᠠᠨ | ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠦᠨᠳᠦᠷᠴᠡ ᠠᠴᠠ ᠡᠭᠦᠰᠴᠦ᠂ | ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠯᠠᠭ᠎ᠠ ᠶᠢᠨ ᠲᠠᠯ᠎ᠠ ᠪᠠᠷ ᠢᠳᠡᠪᠬᠢᠲᠡᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤᠷᠤᠯᠴᠠᠭᠰᠠᠳ᠂ ᠭᠡᠰᠢᠭᠦᠳ ᠤᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠰᠠᠶᠢᠨ ᠰᠠᠶᠢᠬᠠᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ ᠨᠡᠶᠢᠭᠡᠮ ᠤᠨ | ᠠᠵᠢᠯ ᠤᠨ ᠬᠡᠯᠲᠡᠰ ᠵᠡᠷᠭᠡ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠯᠦᠭᠡ ᠶᠢᠨ ᠬᠤᠯᠪᠣᠯᠳᠤᠨ ᠰᠣᠯᠢᠯᠴᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠤᠯᠪᠣᠭᠠᠯᠠᠨ ᠬᠥᠳᠡᠯᠦᠯᠴᠡᠬᠦ ᠳᠠᠪᠠᠭᠤᠯᠢᠭ ᠢ ᠪᠠᠳᠠᠷᠠᠭᠤᠯᠵᠤ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ | ᠦᠢᠯᠡᠴᠢᠯᠡᠭᠡ ᠵᠡᠷᠭᠡ ᠬᠦᠷᠢᠶᠡᠨ ᠳᠠᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ ᠬᠡᠷᠡᠭᠲᠡᠢ᠃ ᠣᠷᠣᠨ | ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠥᠪᠥᠷ ᠮᠣᠩᠭᠤᠯ ᠤᠨ ᠶᠡᠭᠡ | ᠰᠤᠷᠭᠠᠭᠤᠯᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ | ᠡᠷᠳᠡᠮᠲᠡᠳ ᠲᠠᠢ ᠬᠠᠮᠲᠤᠷᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠲᠤᠰᠬᠠᠶ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ | ᠲᠠᠰᠤᠷᠠᠯᠲᠠ ᠥᠬᠡᠶ ᠭᠦᠨᠵᠡᠭᠡᠶ ᠪᠥᠭᠡᠳ ᠴᠢᠨᠠᠷ ᠰᠠᠶᠢᠲᠠᠶ ᠳᠤᠷᠠᠳᠬᠤ ᠬᠡᠷᠡᠭᠲᠡᠶ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠪᠣᠯ ᠨᠠᠮ ᠤᠨ ᠮᠡᠳᠡᠭᠡ ᠵᠠᠩᠭᠢ ᠶᠢᠨ ᠠᠵᠢᠯ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠬᠤᠯᠠ ᠠᠷᠭ᠎ᠠ ᠮᠠᠶ᠋ᠢᠭ ᠮᠥᠨ᠂ ᠪᠠᠰᠠ ᠴᠤ ᠢᠯᠭᠠᠯᠲᠤ ᠤᠯᠠᠨ ᠲᠦᠮᠡᠨ ᠲᠠᠢ ᠬᠠᠷᠢᠯᠴᠠᠬᠤ ᠬᠥᠭᠦᠷᠭᠡ | ᠬᠤᠯᠪᠣᠭᠠᠰᠤ ᠮᠥᠨ᠃ ᠪᠢᠳᠡ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠪᠠᠷᠢᠮᠲᠠᠯᠠᠵᠤ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ | ᠭᠦᠨᠵᠡᠭᠡᠢ ᠲᠠᠨᠢᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠠᠵᠢᠯ ᠤᠨ ᠢᠶᠠᠨ ᠵᠣᠭᠰᠣᠴᠠ ᠪᠣᠯᠭᠠᠵᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠵᠢᠯ ᠤᠨ ᠵᠣᠭᠰᠣᠴᠠ ᠪᠣᠯᠭᠠᠵᠤ᠂ | ᠲᠣᠭᠲᠠᠴᠠ ᠶᠢ ᠲᠡᠭᠦᠯᠳᠡᠷᠵᠢᠭᠦᠯᠬᠦ ᠪᠠᠷ ᠠᠵᠢᠯ ᠤᠨ ᠬᠦᠴᠦᠯᠡᠬᠦ ᠴᠡᠭ ᠪᠣᠯᠭᠠᠵᠤ᠂ ᠡᠨᠡ ᠬᠦ ᠠᠵᠢᠯ ᠢ ᠤᠯᠤᠰ | ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠭᠠᠷᠳᠠᠴᠠ ᠪᠣᠯᠭᠠᠵᠤ᠂ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠰᠢᠯᠭᠠᠬᠤ ᠴᠢᠬᠤᠯᠠ ᠬᠡᠮᠵᠢᠭᠦᠷ ᠪᠣᠯᠭᠠᠵᠤ᠂ ᠶᠡᠭᠡ ᠬᠦᠴᠦ | ᠣᠷᠣᠭᠤᠯᠤᠨ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃ 2025 ᠣᠨ ᠤ ᠢᠦᠢ ᠴᠢᠤᠸᠠᠨ | ᠲᠣᠭᠤᠷᠢᠭ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ | ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠳᠤ ᠨᠡᠩ ᠤᠯᠠᠨ ᠰᠠᠶᠢᠨ ᠠᠷᠭ᠎ᠠ ᠳᠤᠷᠠᠳᠴᠤ᠂ ᠮᠡᠳᠡᠭᠡ ᠵᠠᠩᠭᠢ ᠶᠢᠨ ᠠᠵᠢᠯ ᠤᠨ ᠰᠢᠨ᠎ᠡ | ᠠᠮᠵᠢᠯᠲᠠ ᠪᠦᠲᠦᠮᠵᠢ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠳᠦᠷᠰᠦ ᠪᠠᠶᠢᠳᠠᠯ ᠢ | ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠵᠠᠮ ᠳᠤ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠬᠦᠴᠦᠨ | ᠴᠢᠳᠠᠯ ᠢᠶᠠᠨ ᠡᠷᠭᠦᠨ᠎ᠡ︕ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |