2025 ᠣᠨ ᠤ 3 ᠳ᠋ᠤᠭᠠᠷ ᠰᠠᠷ᠎ᠠ ᠶᠢᠨ 5 ᠤ ᠡᠳᠦᠷ ᠪᠣᠯ ᠪᠥᠬᠦ ᠤᠯᠤᠰ ᠤᠨ 62 ᠳ᠋ᠤᠭᠠᠷ ︽ᠯᠸᠢ | ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠪᠣᠯᠤᠨ᠎ᠠ᠃ ᠬᠠᠶᠢᠷ᠎ᠠ ᠬᠠᠯᠠᠮᠵᠢ ᠪᠠᠷ ᠪᠢᠯᠬᠠᠭᠰᠠᠨ ᠡᠨᠡᠬᠦ ᠡᠳᠦᠷ | ᠬᠤᠨᠤᠭ ᠲᠤ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ | ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠬᠠᠮᠲᠤ ᠪᠠᠷ ᠪᠦᠳᠦᠭᠡᠨ ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ | ᠥᠷᠨᠢᠭᠦᠯᠪᠡ᠃ ᠠᠵᠢᠯᠯᠠᠭ᠎ᠠ ᠶᠢᠨ ᠠᠭᠤᠯᠭ᠎ᠠ ᠨᠢ ᠰᠣᠶᠣᠯ ᠤᠨ ᠤᠯᠠᠮᠵᠢᠯᠠᠯ᠂ ᠡᠷᠡᠭᠦᠯ ᠮᠡᠨᠳᠦ ᠶᠢᠨ ᠬᠠᠯᠠᠮᠵᠢᠯᠠᠯ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢᠨ ᠲᠣᠬᠤᠨᠢᠭᠤᠯᠤᠯ ᠢ ᠬᠠᠮᠤᠷᠴᠤ᠂ ᠮᠠᠰᠢ | ᠣᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠠᠯᠠᠭᠤᠨ ᠰᠡᠳᠬᠢᠯᠭᠡ ᠲᠠᠢ ᠪᠠᠷ ᠣᠷᠣᠯᠴᠠᠵᠠᠶ᠃ | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠥᠪᠡᠷ ᠤᠨ ᠭᠠᠷ ᠢᠶᠠᠷ ᠢᠶᠠᠨ ᠵᠣᠬᠢᠶᠠᠨ ᠪᠦᠲᠦᠭᠡᠵᠦ᠂ ᠬᠦᠨᠳᠦᠳᠬᠡᠯ ᠢᠶᠠᠷ ᠪᠢᠯᠬᠠᠭᠰᠠᠨ ᠴᠠᠭᠠᠰᠤᠨ | ᠬᠠᠶᠢᠴᠢᠯᠠᠮᠠᠯ ᠤᠨ ᠪᠦᠲᠦᠭᠡᠯ ᠨᠢ ᠠᠭᠠᠵᠢᠮ ᠢᠶᠠᠷ ᠪᠦᠷᠢᠯᠳᠦᠪᠡ᠃ ᠡᠮ ᠡᠮᠨᠡᠯᠭᠡ ᠶᠢᠨ ᠰᠠᠶᠢᠨ ᠳᠤᠷᠠᠴᠤᠳ ᠰᠠᠭᠤᠭᠠᠯᠢ | ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠰᠦᠢᠳᠬᠡᠯ ᠬᠤᠷᠢᠶᠠᠬᠤ ᠥᠬᠡᠶ ᠪᠠᠷ ᠬᠡᠮᠵᠢᠨ ᠥᠭᠴᠦ᠂ | ᠡᠷᠡᠭᠦᠯ ᠮᠡᠨᠳᠦ ᠶᠢᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠲᠤᠰᠬᠠᠶ ᠮᠡᠷᠭᠡᠵᠢᠯ ᠤᠨ ᠡᠷᠡᠭᠦᠯ | ᠮᠡᠨᠳᠦ ᠶᠢᠨ ᠰᠠᠨᠠᠭᠤᠯᠭ᠎ᠠ ᠬᠠᠩᠭᠠᠪᠠ᠃ ᠨᠥᠭᠦᠭᠡ ᠲᠠᠯ᠎ᠠ ᠪᠠᠷ ᠲᠠᠩᠬᠤᠯᠤ ᠶᠢᠨ ᠳᠡᠯᠭᠡᠭᠡ ᠮᠠᠶᠢᠮᠠᠶ ᠶᠢᠨ ᠡᠮᠦᠨ᠎ᠡ | ᠰᠠᠭᠤᠭᠠᠯᠢ ᠠᠷᠠᠳ ᠳᠦᠭᠦᠷᠴᠦ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠢᠯᠣᠭᠤᠳᠣᠯᠭ᠎ᠠ ᠳᠣᠤᠷ᠎ᠠ᠂ | ᠣᠯᠠᠨ ᠢᠶᠠᠷ ᠢᠶᠠᠨ ᠥᠪᠡᠷ ᠤᠨ ᠭᠠᠷ ᠢᠶᠠᠷ ᠢᠶᠠᠨ ᠲᠠᠩᠬᠤᠯᠤ ᠬᠢᠵᠦ᠂ ᠪᠠᠶᠠᠷᠯᠠᠨ ᠢᠨᠢᠶᠡᠯᠴᠡᠬᠦ ᠳᠠᠭᠤᠨ ᠨᠡᠶᠢᠭᠡᠮ | ᠲᠣᠭᠤᠷᠢᠭ ᠲᠤ ᠴᠤᠤᠷᠢᠶᠠᠲᠤᠪᠠ᠃ | | | | | ︽ᠡᠨᠡ ᠬᠥᠳᠡᠯᠭᠡᠭᠡᠨ ᠳᠠᠩᠴᠤ ᠤᠳᠬ᠎ᠠ ᠠᠭᠤᠯᠭ᠎ᠠ ᠲᠠᠢ︕ ᠪᠢ ᠶᠡᠷᠦ ᠨᠢ ᠴᠠᠭᠠᠰᠤᠨ ᠬᠠᠶᠢᠴᠢᠯᠠᠮᠠᠯ ᠳᠤ | ᠬᠠᠶᠢᠷᠠᠲᠠᠢ᠂ ᠥᠨᠥᠳᠥᠷ ᠡᠶᠢᠮᠦ ᠣᠯᠠᠨ ᠬᠥᠮᠥᠨ ᠲᠠᠢ ᠬᠠᠮᠲᠤ ᠯᠧᠢ ᠹᠧᠩ ᠤᠨ ᠦᠯᠢᠭᠡᠷ ᠢ ᠨᠢᠭᠡ ᠪᠦᠲᠦᠭᠡᠯ ᠪᠣᠯᠭᠠᠨ | ᠵᠠᠰᠠᠨ᠎ᠠ ᠭᠡᠵᠦ ᠪᠣᠳᠣᠵᠤ ᠣᠯᠣᠭᠰᠠᠨ ᠦᠭᠡᠢ᠃ ᠬᠠᠶᠢᠴᠢᠯᠠᠵᠤ ᠭᠠᠷᠭᠠᠭᠰᠠᠨ ᠪᠦᠲᠦᠭᠡᠯ ᠢᠶᠠᠨ ᠦᠵᠡᠭᠡᠳ ᠰᠡᠳᠬᠢᠯ | ᠳᠦᠭᠦᠷᠡᠩ ᠣᠮᠣᠭᠰᠢᠵᠤ᠂ ᠬᠤᠵᠢᠮ ᠡᠶᠢᠮᠦ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠤᠯᠠᠮᠵᠢᠯᠠᠯᠲᠤ ᠰᠤᠶᠤᠯ ᠪᠠ | ᠯᠸᠢ ᠹᠧᠩ ᠤᠨ ᠵᠣᠷᠢᠭ ᠰᠠᠨᠠᠭ᠎ᠠ ᠶᠢ ᠬᠠᠮᠲᠤ ᠪᠠᠷ ᠤᠯᠠᠮᠵᠢᠯᠠᠶ᠎ᠠ︕︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠯᠢ ᠡᠮᠡᠭᠡ ᠬᠡᠯᠡᠪᠡ᠃ | | | | | ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠷᠢᠭᠤᠨ ᠴᠡᠪᠡᠷ ᠢ ᠴᠡᠪᠡᠷᠯᠡᠬᠦ ᠠᠵᠢᠯᠯᠠᠭ᠎ᠠ | ᠴᠤ ᠡᠮᠬᠢ ᠵᠢᠷᠤᠮ ᠲᠠᠢ ᠶᠠᠪᠤᠭᠳᠠᠵᠤ ᠪᠠᠶᠢᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠱᠦᠭᠦᠷ᠂ ᠵᠦᠯᠭᠦᠭᠦᠷ | ᠵᠡᠷᠭᠡ ᠪᠠᠭᠠᠵᠢ ᠠᠪᠴᠤ᠂ ᠨᠡᠶᠢᠭᠡᠮ ᠲᠣᠭᠤᠷᠢᠭ ᠤᠨ ᠵᠠᠮ᠂ ᠠᠰᠠᠷ ᠤᠨ ᠬᠤᠩᠬᠢᠯ᠂ ᠴᠡᠴᠡᠭ ᠤᠨ ᠲᠠᠪᠴᠠᠩ ᠵᠡᠷᠭᠡ | ᠣᠷᠣᠨ ᠪᠦᠰᠡ ᠶᠢ ᠪᠦᠬᠦ ᠲᠠᠯ᠎ᠠ ᠪᠠᠷ ᠴᠡᠪᠡᠷᠯᠡᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠢ ᠰᠠᠶᠢᠵᠢᠷᠠᠭᠤᠯᠵᠤ᠂ ᠰᠠᠭᠤᠭᠠᠯᠢ ᠠᠷᠠᠳ ᠲᠤ ᠴᠡᠪᠡᠷ ᠲᠡᠭᠰᠢ ᠲᠠᠭᠠᠯᠠᠮᠵᠢᠲᠠᠶ ᠠᠮᠢᠳᠤᠷᠠᠯ ᠤᠨ ᠣᠷᠴᠢᠨ | ᠨᠦᠬᠦᠴᠡᠯ ᠢ ᠡᠭᠦᠳᠴᠦ ᠥᠭᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠭᠡᠷ ᠲᠤ ᠬᠦᠷᠴᠦ᠂ ᠲᠡᠳᠡᠨ ᠳᠤ ᠠᠮᠢᠳᠤᠷᠠᠯ ᠤᠨ ᠬᠡᠷᠡᠭᠰᠡᠯ ᠪᠣᠯᠤᠨ ᠪᠠᠶᠠᠷ ᠤᠨ ᠡᠳᠦᠷ ᠤᠨ | ᠮᠡᠨᠳᠦᠴᠢᠯᠡᠯ ᠬᠦᠷᠭᠡᠪᠡ᠃ | | | | | ᠬᠤᠶᠢᠰᠢᠳᠠ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠬᠠᠷᠢᠶ᠎ᠠ | ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ | ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |