︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠬᠤᠳᠠᠯᠳᠤᠭ᠎ᠠ ᠡᠵᠡᠩᠨᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠭᠤᠣᠯ ᠪᠣᠯᠭᠠᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ | ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ︽ᠵᠠᠰᠠᠭ ᠤᠨ | ᠶᠠᠪᠤᠳᠠᠯ +︾ ᠤᠨ ᠦᠢᠯᠡᠴᠢᠯᠡᠭᠡᠨ ᠤ ᠠᠭᠤᠯᠤᠭᠳᠠᠬᠤᠨ ᠢ ᠥᠷᠭᠡᠳᠬᠡᠪᠡ᠃ ︽ᠵᠠᠰᠠᠭ ᠪᠠᠩᠬᠢ ᠠᠵᠤ ᠠᠬᠤᠶᠢᠯᠠᠯ︾ | ᠤᠨ ᠬᠠᠮᠵᠢᠯᠴᠠᠨ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠬᠢᠭᠡᠳ ᠪᠠᠩᠬᠢ᠂ ᠠᠵᠤ | ᠠᠬᠤᠶᠢᠯᠠᠯ ᠤᠨ ᠲᠣᠤᠷ ᠴᠡᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ 50 ᠥᠨᠳᠥᠷ ᠳᠠᠪᠲᠠᠮᠵᠢᠲᠤ ᠵᠦᠢᠯᠡᠰ ᠢ ᠦᠨᠳᠦᠰᠦᠨ ᠱᠠᠲᠤᠨ ᠳᠤ ᠬᠦᠷᠲᠡᠯ᠎ᠡ | ᠤᠷᠲᠤᠳᠬᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠣᠶᠢᠷ᠎ᠠ | ᠬᠠᠪᠢ ᠳᠠᠭᠠᠨ ᠭᠦᠢᠴᠡᠳᠭᠡᠵᠦ ᠪᠣᠯᠬᠤ᠂ ᠣᠯᠠᠨ ᠭᠠᠵᠠᠷ ᠲᠤ ᠭᠦᠢᠴᠡᠳᠭᠡᠵᠦ ᠪᠣᠯᠬᠤ︾ ᠣᠨᠣᠪᠴᠢᠲᠠᠶ | ᠪᠠᠶᠢᠷᠢᠰᠢᠭᠤᠯᠤᠯᠲᠠ ᠶᠢ ᠪᠡᠶᠡᠯᠡᠭᠦᠯᠪᠡ᠃ | | | | | | ᠣᠳᠣᠬᠠᠨ ᠳᠤ᠂ ᠭᠡᠷ᠎ᠡ ᠲᠣᠭᠲᠠᠵᠤ ᠫᠠᠶᠢᠰᠠ ᠣᠯᠭᠤᠬᠤ᠂ ᠲᠥᠪᠯᠡᠷᠡᠭᠦᠯᠦᠨ ᠪᠤᠯᠪᠠᠰᠤᠷᠠᠭᠤᠯᠬᠤ ᠪᠠᠷ | ᠳᠠᠮᠵᠢᠭᠤᠯᠤᠨ᠂ ᠢᠦᠢ ᠴᠢᠤᠸᠠᠨ ᠲᠣᠭᠤᠷᠢᠭ ᠨᠢᠭᠡᠨᠲᠡ 3 ᠪᠠᠩᠬᠢ᠂ 1 ᠬᠤᠳᠠᠯᠳᠤᠭᠠᠨ ᠤ ᠲᠣᠭᠤᠷᠢᠭ᠂ ᠨᠢᠭᠡᠳᠦᠮᠡᠯ | ᠬᠤᠯᠪᠣᠭ᠎ᠠ ᠶᠢᠨ ᠺᠣᠮᠫᠠᠨᠢ ᠵᠢᠴᠢ 2 ᠲᠤᠰᠬᠠᠢ ᠵᠠᠬ᠎ᠠ ᠳᠡᠯᠭᠡᠭᠦᠷ ᠲᠤ 12 ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠲᠣᠣᠷ ᠴᠡᠭ ᠪᠠᠶᠢᠭᠤᠯᠵᠤ᠂ ︽ᠲᠣᠣᠷ ᠴᠡᠭ ᠲᠤ ᠮᠠᠲ᠋ᠧᠷᠢᠶᠠᠯ ᠭᠥᠯᠢᠶᠡᠨ ᠠᠪᠴᠤ ᠰᠢᠢᠳᠪᠦᠷᠢᠯᠡᠬᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠠᠷᠤ | ᠲᠠᠪᠴᠠᠩ ᠳᠤ ᠲᠦᠷᠦᠯ ᠬᠤᠪᠢᠶᠠᠨ ᠬᠢᠨᠠᠨ ᠵᠥᠪᠰᠢᠶᠡᠷᠡᠬᠦ᠂ ᠨᠥᠬᠦᠴᠡᠯ ᠪᠦᠷᠢᠯᠳᠦᠭᠦᠯᠦᠭᠰᠡᠨ ᠲᠣᠣᠷ ᠴᠡᠭ ᠲᠤ | ᠰᠢᠭᠤᠳ ᠭᠡᠷᠡᠴᠢ ᠭᠠᠷᠭᠠᠬᠤ︾ ᠪᠠᠷᠢᠮᠵᠢᠶᠠᠵᠢᠭᠤᠯᠤᠭᠰᠠᠨ ᠴᠤᠪᠤᠷᠠᠯ ᠢ ᠲᠣᠳᠣᠷᠬᠠᠶᠢᠯᠠᠵᠤ᠂ ︽ᠵᠠᠰᠠᠭ ᠤᠨ | ᠶᠠᠪᠤᠳᠠᠯ ᠤᠨ ᠦᠢᠯᠡᠴᠢᠯᠡᠭᠡ + ᠮᠥᠩᠭᠦᠨ ᠭᠦᠢᠯᠭᠡᠭᠡ + ᠠᠵᠤ ᠠᠬᠤᠶᠢᠯᠠᠯ︾ ᠤᠨ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠣᠶ ᠪᠣᠯᠭᠠᠪᠠ᠃ | | | | | ᠡᠯ᠎ᠡ ᠲᠣᠤᠷ ᠴᠡᠭ ᠲᠤ᠂ ᠠᠵᠢᠯᠲᠠᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠢᠰᠲ᠋ᠧᠮ ᠲᠠᠢ | ᠠᠵᠢᠯᠯᠠᠬᠤ ᠵᠡᠷᠭᠡ ᠲᠤᠰᠬᠠᠶ ᠪᠤᠯᠪᠠᠰᠤᠷᠠᠯ ᠢ ᠭᠥᠷᠳᠡᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠮᠡᠳᠡᠭᠳᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ | ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠬᠤ᠂ ᠬᠤᠪᠢᠷᠠᠭᠤᠯᠬᠤ᠂ | ᠬᠦᠴᠦᠨ ᠥᠬᠡᠶ ᠪᠣᠯᠭᠠᠬᠤ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠵᠡᠷᠭᠡ 50 ᠵᠦᠢᠯ ᠤᠨ ᠥᠨᠳᠥᠷ | ᠳᠠᠪᠲᠠᠮᠵᠢᠲᠤ ᠵᠦᠢᠯᠡᠰ ᠢ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠬᠡᠪᠴᠢᠶᠡᠨ ᠳᠤ ᠣᠷᠣᠭᠤᠯᠵᠤ᠂ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠭᠡᠭᠡᠨ ᠡᠷᠬᠢᠯᠡᠬᠦ ᠠᠴᠠ ᠠᠪᠤᠭᠠᠳ | ᠡᠵᠡᠩᠨᠡᠯᠲᠡ ᠬᠦᠷᠲᠡᠯᠡᠬᠢ ᠪᠥᠬᠦ ᠴᠤᠪᠤᠷᠠᠯ ᠤᠨ ᠦᠢᠯᠡᠴᠢᠯᠡᠭᠡ ᠶᠢ ᠬᠠᠮᠤᠷᠪᠠ᠃ ᠵᠢᠱᠢᠶᠡᠯᠡᠪᠡᠯ᠂ ᠬᠡᠰᠡᠭ ᠲᠣᠤᠷ | ᠴᠡᠭ ᠨᠢ ᠡᠵᠡᠩᠨᠡᠯᠲᠡ ᠶᠢᠨ ᠦᠨᠡᠮᠯᠡᠯ ᠪᠠ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ | ᠳᠠᠷᠤᠮᠠᠯᠯᠠᠵᠤ᠂ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠲᠢᠩᠬᠢᠮ ᠳᠤ ᠨᠠᠭᠠᠰᠢ ᠴᠠᠭᠠᠰᠢ ᠶᠠᠪᠤᠬᠤ | ᠤᠳᠠᠭ᠎ᠠ ᠶᠢ ᠪᠠᠭᠠᠰᠬᠠᠪᠠ᠃ | | | | | ᠡᠭᠦᠨ ᠤ ᠬᠠᠮᠲᠤ᠂ ᠪᠠᠩᠬᠢ ᠶᠢᠨ ᠲᠣᠤᠷ ᠴᠡᠭ ᠤᠨ ᠡᠬᠢ ᠪᠠᠶᠠᠯᠢᠭ ᠲᠤ ᠲᠦᠰᠢᠭᠯᠡᠨ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠭᠦᠢᠯᠭᠡᠭᠡᠨ ᠤ ᠪᠠᠯᠠ ᠮᠦᠩᠭᠦ ᠶᠢᠨ ᠵᠢᠭᠡᠯᠡᠯᠭᠡ ᠶᠢᠨ | ᠦᠢᠯᠡᠴᠢᠯᠡᠭᠡ ᠶᠢ ᠵᠠᠰᠠᠭ ᠤᠨ ᠶᠠᠪᠤᠳᠠᠯ ᠤᠨ ᠴᠤᠪᠤᠷᠠᠯ ᠳᠤ ᠣᠷᠣᠭᠤᠯᠬᠤ ᠬᠡᠷᠡᠭᠲᠡᠢ᠃ ᠵᠢᠱᠢᠶᠡᠯᠡᠪᠡᠯ᠂ ᠠᠵᠤ | ᠠᠬᠤᠶᠢᠯᠠᠯ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ ᠳᠡᠭᠡᠨ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠨᠡᠷᠡᠳᠬᠦᠨ ᠢ ᠵᠡᠷᠭᠡᠪᠡᠷ ᠣᠶᠢᠯᠠᠭᠠᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ + ᠮᠥᠩᠭᠦᠨ ᠭᠦᠢᠯᠭᠡᠭᠡᠨ ᠤ | ᠦᠢᠯᠡᠴᠢᠯᠡᠭᠡ︾ ᠶᠢ ᠵᠠᠪᠰᠠᠷ ᠦᠭᠡᠶ ᠵᠣᠯᠭᠠᠭᠤᠯᠬᠤ ᠶᠢ ᠪᠡᠶᠡᠯᠡᠭᠦᠯᠵᠦ ᠪᠣᠯᠤᠨ᠎ᠠ᠃ | | | | | ︽ᠵᠠᠰᠠᠭ ᠪᠠᠩᠬᠢ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠢᠦᠢ | ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠤᠪᠴᠢᠶ᠎ᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ | ᠣᠯᠠᠨ ᠠᠷᠭ᠎ᠠ ᠵᠠᠮ ᠢᠶᠠᠷ ᠳᠡᠯᠭᠡᠷᠡᠭᠦᠯᠬᠦ ᠶᠢᠨ ᠬᠠᠮᠲᠤ ︽ᠵᠠᠰᠠᠭ ᠪᠠᠩᠬᠢ ᠠᠵᠤ ᠠᠬᠤᠶᠢᠯᠠᠯ︾ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠤᠷᠤᠯᠠᠨ ᠭᠦᠢᠴᠡᠳᠭᠡᠬᠦ ᠺᠠᠷᠲ ᠢ ᠳᠠᠷᠤᠮᠠᠯᠯᠠᠨ | ᠵᠣᠬᠢᠶᠠᠵᠤ᠂ 12 ᠬᠠᠮᠲᠤᠷᠠᠯᠴᠠᠭᠠᠨ ᠤ ᠲᠣᠣᠷ ᠴᠡᠭ ᠢᠶᠠᠷ ᠲᠣᠭᠤᠷᠢᠭ ᠤᠨ ᠲᠥᠪ ᠪᠣᠯᠭᠠᠵᠤ᠂ ᠡᠷᠬᠢᠨ ᠲᠣᠭᠤᠷᠢᠨ ᠤ | ᠬᠤᠳᠠᠯᠳᠤᠭᠠᠨ ᠤ ᠫᠦᠰᠡ᠂ ᠠᠵᠤ ᠠᠬᠤᠶᠢᠯᠠᠯ ᠳᠤ ᠤᠬᠠᠭᠤᠯᠬᠤ ᠶᠢᠨ ᠬᠠᠮᠲᠤ ᠰᠠᠨᠠᠯ ᠰᠠᠨᠠᠭᠤᠯᠭ᠎ᠠ ᠬᠤᠷᠢᠶᠠᠨ | ᠴᠤᠭᠯᠠᠭᠤᠯᠵᠤ ᠦᠢᠯᠡᠴᠢᠯᠡᠭᠡᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠣᠲᠣ ᠪᠣᠯᠲᠠᠯ᠎ᠠ᠂ | ᠨᠡᠶᠢᠲᠡ 100 ᠭᠠᠷᠤᠶ ᠤᠳᠠᠭ᠎ᠠ ᠤᠬᠠᠭᠤᠯᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠺᠠᠷᠲ ᠢ | 300 ᠭᠠᠷᠤᠶ ᠲᠠᠷᠬᠠᠭᠠᠪᠠ᠃ | ᠢᠷᠡᠭᠡᠳᠦᠢ ᠳᠤ᠂ ᠢᠦᠢ ᠴᠢᠤᠸᠠᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠢᠯᠡᠴᠢᠯᠡᠭᠡᠨ ᠤ ᠬᠡᠪᠴᠢᠶ᠎ᠡ ᠶᠢ | ᠴᠢᠨᠠᠭᠰᠢᠳᠠ ᠥᠷᠭᠡᠳᠬᠡᠵᠦ᠂ ᠲᠣᠣᠷ ᠴᠡᠭ ᠤᠨ ᠪᠦᠷᠬᠦᠴᠡ ᠶᠢ ᠥᠷᠭᠡᠳᠬᠡᠵᠦ᠂ ᠨᠡᠩ ᠤᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠤᠢᠢᠷ᠎ᠠ ᠬᠠᠪᠢ ᠳᠠᠭᠠᠨ ᠭᠦᠢᠴᠡᠳᠭᠡᠬᠦ᠂ ᠳᠠᠷᠦ᠋ᠢᠬᠠᠨ ᠭᠦᠢᠴᠡᠳᠬᠡᠬᠦ︾ | ᠶᠢ ᠠᠬᠢᠭᠤᠯᠵᠤ᠂ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ︽ | ᠢᠦᠢ ᠴᠢᠤᠸᠠᠨ ᠤ ᠲᠤᠷᠰᠢᠯᠭ᠎ᠠ︾ ᠬᠠᠩᠭᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |