ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠤᠯᠠᠨ ᠨᠡᠶᠢᠲᠡ ᠶᠢᠨ ᠬᠠᠪᠤᠳᠠᠷ ᠢ ᠰᠡᠷᠭᠡᠶᠢᠯᠡᠨ ᠵᠠᠰᠠᠬᠤ | ᠲᠤᠬᠠᠢ ᠲᠠᠨᠢᠯᠲᠠ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠬᠡᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠦᠢ ᠴᠢᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ᠂ ᠪᠠᠭ᠎ᠠ ᠵᠤᠤ ᠡᠮᠦᠨ᠎ᠡ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ᠂ ᠢᠦᠢ ᠴᠢᠤᠸᠠᠨ ᠲᠣᠭᠤᠷᠢᠭ ᠤᠨ ᠲᠠᠪᠤᠨ ᠰᠤᠪᠤᠷᠭᠠᠲᠤ | ᠰᠦᠮ᠎ᠡ ᠶᠢᠨ ᠠᠭᠤᠳᠠᠮ ᠲᠠᠯᠠᠪᠠᠢ ᠳᠤ ︽ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠬᠦ᠂ ᠡᠷᠡᠭᠦᠯ ᠮᠡᠨᠳᠦ | ᠠᠮᠢᠳᠤᠷᠠᠬᠤ︾ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠣᠯᠠᠨ ᠴᠢᠳᠠᠮᠵᠢᠳᠤ ᠣᠷᠣᠨ ᠭᠠᠷᠭᠠᠵᠤ᠂ ᠬᠤᠲᠠ ᠶᠢᠨ | ᠠᠷᠠᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠪᠠ᠄ ᠥᠮᠡᠨ ᠢ ᠰᠡᠷᠭᠡᠶᠢᠯᠡᠬᠦ ᠮᠡᠳᠡᠯᠭᠡ ᠶᠢᠨ ᠯᠠᠪᠯᠠᠯᠲᠠ ᠶᠢᠨ | ᠲᠣᠭᠤᠷᠢᠭ ᠲᠤ᠂ ᠲᠤᠰᠬᠠᠶ ᠡᠮᠴᠢᠯᠡᠭᠡᠨ ᠤ ᠠᠵᠢᠯᠲᠠᠨ ᠬᠤᠲᠠ ᠶᠢᠨ ᠠᠷᠠᠳ ᠲᠤ ᠨᠢᠭᠡ ᠳᠤ ᠨᠢᠭᠡ ᠶᠢᠨ ᠥᠮᠡᠨ ᠢ | ᠰᠡᠷᠭᠡᠶᠢᠯᠡᠬᠦ ᠯᠠᠪᠯᠠᠯᠲᠠ ᠶᠢᠨ ᠦᠢᠯᠡᠴᠢᠯᠡᠭᠡ ᠬᠠᠩᠭᠠᠵᠤ᠂ ᠬᠠᠪᠤᠳᠠᠷ ᠢ ᠰᠡᠷᠭᠡᠶᠢᠯᠡᠬᠦ᠂ ᠡᠮᠨᠡᠨ ᠵᠠᠰᠠᠬᠤ ᠵᠢᠴᠢ | ᠡᠷᠡᠭᠦᠯᠵᠢᠭᠦᠯᠬᠦ ᠵᠡᠷᠭᠡ ᠲᠠᠯ᠎ᠠ ᠶᠢᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠬᠤᠲᠠ ᠶᠢᠨ ᠠᠷᠠᠳ ᠢ | ᠬᠠᠪᠰᠤᠷᠤᠨ ᠥᠮᠡᠨ ᠢ ᠰᠡᠷᠭᠡᠶᠢᠯᠡᠬᠦ ᠰᠢᠨᠵᠢᠯᠡᠬᠦ ᠤᠬᠠᠭᠠᠨᠴᠢ ᠦᠵᠡᠯᠲᠡ ᠲᠠᠢ ᠪᠣᠯᠭᠠᠨ᠎ᠠ᠃ ᠲᠤᠬᠠᠶ ᠶᠢᠨ ᠲᠠᠯᠠᠪᠤᠷ ᠲᠤ | ᠪᠠᠰᠠ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ ᠭᠠᠷᠭᠠᠵᠤ᠂ ᠪᠠᠭ᠎ᠠ ᠵᠣᠣ ᠡᠮᠦᠨ᠎ᠡ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠡᠮᠴᠢ ᠰᠤᠪᠢᠯᠠᠭᠴᠢ ᠶᠢ ᠲᠤᠰᠬᠠᠶᠢᠯᠠᠨ ᠤᠷᠢᠵᠤ᠂ 45 — 74 ᠪᠦᠬᠦᠯᠢ ᠨᠠᠰᠤᠨ ᠤ ᠬᠤᠲᠠ ᠶᠢᠨ | ᠠᠷᠠᠳ ᠲᠤ ᠠᠭᠤᠰᠬᠢᠨ ᠤ ᠥᠮᠡᠨ᠂ ᠬᠤᠲᠣᠷᠢᠩᠬᠠᠶ ᠬᠤᠰᠬᠢᠨᠠᠭ ᠤᠨ ᠥᠮᠡᠨ᠂ ᠰᠢᠩᠭᠡᠭᠡᠯᠲᠡ ᠶᠢᠨ ᠵᠠᠮ ᠤᠨ ᠳᠡᠭᠡᠳᠦ | ᠥᠮᠡᠨ᠂ ᠬᠥᠬᠦᠨ ᠪᠤᠯᠴᠢᠷᠬᠠᠶ ᠶᠢᠨ ᠥᠮᠡᠨ᠂ ᠡᠯᠢᠭᠡᠨ ᠥᠮᠡᠨ ᠤ ᠡᠬᠢᠨ ᠤ ᠬᠤᠭᠤᠴᠠᠭᠠᠨ ᠤ ᠰᠢᠭᠰᠢᠨ | ᠪᠠᠶᠢᠴᠠᠭᠠᠯᠲᠠ ᠶᠢᠨ ᠦᠢᠯᠡᠴᠢᠯᠡᠭᠡ ᠶᠢ ᠰᠦᠢᠳᠭᠡᠯ ᠬᠤᠷᠢᠶᠠᠬᠤ ᠥᠬᠡᠶ ᠪᠠᠷ ᠬᠠᠩᠭᠠᠬᠤ ᠶᠢᠨ ᠬᠠᠮᠲᠤ ︽ᠲᠠᠪᠤᠨ | ᠥᠮᠡᠨ︾ ᠢ ᠰᠢᠭᠰᠢᠨ ᠪᠠᠶᠢᠴᠠᠭᠠᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ | ᠤᠬᠠᠭᠤᠯᠵᠤ᠂ ᠬᠤᠲᠠ ᠶᠢᠨ ᠠᠷᠠᠳ ᠲᠤ ᠲᠥᠷᠥ ᠶᠢᠨ ᠪᠣᠳᠣᠯᠭ᠎ᠠ ᠶᠢᠨ ᠠᠰᠠᠷᠠᠮᠵᠢ ᠬᠦᠷᠲᠡᠭᠡᠬᠦ ᠶᠢ ᠳᠡᠮᠵᠢᠪᠡ᠃ | | | | | ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠵᠢᠷᠤᠭ ᠥᠰᠥᠭ ᠤᠨ | ᠦᠵᠡᠭᠦᠯᠦᠯᠭᠡ ᠶᠢᠨ ᠰᠠᠮᠪᠠᠷ᠎ᠠ ᠪᠠᠷ ᠳᠠᠮᠵᠢᠭᠤᠯᠤᠨ ᠬᠠᠪᠤᠳᠠᠷ ᠢ ᠰᠡᠷᠭᠡᠶᠢᠯᠡᠨ ᠵᠠᠰᠠᠬᠤ ᠮᠡᠳᠡᠯᠭᠡ ᠶᠢ ᠠᠮᠢᠳᠤᠯᠢᠭ ᠢᠶᠠᠷ | ᠳᠡᠯᠭᠡᠨ ᠦᠵᠡᠭᠦᠯᠵᠦ᠂ ᠬᠤᠲᠠ ᠶᠢᠨ ᠠᠷᠠᠳ ᠤᠨ ᠥᠮᠡᠨ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃ | ᠬᠠᠷᠢᠯᠴᠠᠨ ᠦᠢᠯᠡᠳᠦᠯᠴᠡᠬᠦ ᠭᠤᠭᠴᠤᠭ᠎ᠠ ᠳᠤ ᠥᠮᠡᠨ ᠢ ᠰᠡᠷᠭᠡᠶᠢᠯᠡᠬᠦ ᠮᠡᠳᠡᠯᠭᠡ ᠶᠢᠨ ᠠᠰᠠᠭᠤᠯᠲᠠ ᠬᠠᠷᠢᠭᠤᠯᠲᠠ᠂ | ᠱᠠᠩᠨᠠᠯ ᠲᠠᠢ ᠲᠠᠭᠠᠮᠠᠭᠯᠠᠯ ᠵᠡᠷᠭᠡ ᠶᠢ ᠪᠠᠭᠲᠠᠭᠠᠵᠤ᠂ ᠵᠤᠭ᠎ᠠ ᠴᠡᠩᠬᠡᠯ ᠲᠠᠢ ᠬᠥᠮᠦᠵᠢᠯ ᠬᠦᠷᠲᠡᠭᠡᠵᠦ᠂ ᠬᠤᠲᠠ ᠶᠢᠨ | ᠠᠷᠠᠳ ᠲᠤ ᠠᠭᠤᠵᠢᠭᠤ ᠲᠠᠯᠪᠢᠭᠤ ᠠᠭᠤᠷ ᠠᠮᠢᠰᠬᠤᠯ ᠤᠨ ᠳᠤᠮᠳᠠ ᠡᠷᠡᠭᠦᠯ ᠮᠡᠨᠳᠦ ᠶᠢᠨ ᠮᠡᠳᠡᠯᠭᠡ ᠶᠢ ᠡᠵᠡᠮᠰᠢᠭᠦᠯᠵᠦ᠂ | ᠡᠷᠡᠭᠦᠯ ᠮᠡᠨᠳᠦ ᠠᠮᠢᠳᠤᠷᠠᠯ ᠤᠨ ᠠᠴᠢ ᠬᠤᠯᠪᠣᠭᠳᠠᠯ ᠢ ᠮᠡᠳᠡᠷᠡᠭᠦᠯᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |