ᠰᠢᠩ ᠯᠦᠩ ᠭᠤᠲᠤᠮᠵᠢ ᠶᠢᠨ ᠵᠡᠭᠡᠯᠢ ᠭᠤᠳᠤᠮᠵᠢ ᠶᠣᠰᠣ ᠰᠤᠷᠲᠠᠬᠤᠨ ᠤ ᠵᠢᠱᠢᠶᠡᠴᠢ ᠪᠠ ᠳᠡᠷᠭᠡᠳᠡᠬᠢ ᠰᠠᠶᠢᠨ ᠬᠥᠮᠦᠨ ᠤ ᠰᠢᠷᠢᠰ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/15
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠢᠩ ᠯᠦᠩ ᠭᠤᠲᠤᠮᠵᠢ ᠶᠢᠨ ᠵᠡᠭᠡᠯᠢ ᠭᠤᠳᠤᠮᠵᠢ ᠶᠢᠨ ᠬᠢᠨ ︽ᠶᠣᠰᠣ ᠰᠤᠷᠲᠠᠬᠤᠨ ᠤ ᠵᠢᠱᠢᠶᠡᠴᠢ + ᠤᠮᠠᠷᠠᠲᠤ ᠬᠢᠯᠢ ᠶᠢᠨ ᠰᠣᠶᠣᠯ + ᠦᠨᠳᠦᠰᠦᠨ ᠱᠠᠲᠤᠨ ᠤ ᠣᠨᠣᠯ︾ ᠭᠤᠷᠪᠠ ᠶᠢ ᠨᠢᠭᠡ ᠴᠣᠭᠴᠠᠵᠢᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠣᠯᠠᠨ ᠡᠰᠢᠲᠦ ᠠᠭᠤᠰᠤᠯᠴᠠᠯ ᠤᠨ ᠤᠬᠠᠭᠤᠯᠭ᠎ᠠ ᠬᠥᠮᠦᠵᠢᠯ ᠤᠨ ᠵᠠᠭᠪᠤᠷ ᠢᠶᠠᠷ ᠳᠠᠮᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠠᠵᠢᠯᠯᠠᠭ᠎ᠠ ᠨᠢ ᠤᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠵᠤ᠂ ᠨᠡᠶᠢᠭᠡᠮ ᠤᠨ ᠬᠠᠯᠠᠮᠰᠢᠯ ᠴᠡᠭ ᠤᠨ ᠶᠠᠷᠢᠶᠠᠨ ᠤ ᠰᠡᠳᠦᠪ ᠲᠠᠢ ᠤᠶᠠᠯᠳᠤᠭᠤᠯᠵᠤ᠂ ᠠᠮᠢᠳᠤ ᠰᠣᠷᠭᠤᠭ ᠬᠡᠷᠡᠭ ᠤᠨ ᠵᠢᠱᠢᠶ᠎ᠡ ᠪᠣᠯᠤᠨ ᠤᠯᠠᠨ ᠵᠠᠭᠤᠴᠢᠯᠠᠭᠤᠷ ᠤᠨ ᠮᠡᠷᠭᠡᠵᠢᠯ ᠢ ᠬᠡᠷᠡᠭᠯᠡᠵᠦ᠂ ᠪᠣᠰᠤᠭ᠎ᠠ ᠴᠣᠭᠴᠠᠲᠤ ᠦᠵᠡᠯ ᠰᠠᠨᠠᠭᠠᠨ ᠤ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
     ᠲᠤᠰ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠮᠢᠶᠣᠣ ᠰᠧᠨ ᠨᠥᠬᠦᠷ ᠢ ᠤᠷᠢᠵᠤ ︽ᠶᠣᠰᠣ ᠰᠤᠷᠲᠠᠬᠤᠨ ᠤ ᠬᠡᠪ ᠳᠠᠭᠤᠷᠢᠶᠠᠯ ᠤᠨ ᠬᠦᠴᠦᠨ︾ ᠢ ᠬᠤᠪᠢᠶᠠᠯᠴᠠᠪᠠ᠃ ᠡᠨᠡ ᠬᠦ ︽ᠰᠤᠷᠤᠭᠴᠢᠳ ᠢ ᠰᠠᠬᠢᠨ ᠬᠠᠮᠠᠭᠠᠯᠠᠬᠤ ᠰᠠᠬᠢᠭᠤᠯᠰᠤᠨ︾ ᠬᠡᠮᠡᠭᠳᠡᠭᠰᠡᠨ ᠵᠠᠮ ᠬᠠᠷᠢᠯᠴᠠᠭᠠᠨ ᠤ ᠴᠠᠭᠳᠠᠭ᠎ᠠ ᠡᠳᠦᠷ ᠪᠦᠷᠢ ᠳᠤᠮᠳᠠᠴᠢ ᠪᠠᠷ 12 ᠴᠠᠭ ᠵᠢᠵᠢᠭᠦᠷᠯᠡᠵᠦ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 1000 ᠭᠠᠷᠤᠶ ᠤᠳᠠᠭ᠎ᠠ ᠵᠠᠯᠠᠷᠠᠭᠤᠯᠵᠤ᠂ ᠡᠭᠦᠷᠬᠡ ᠬᠠᠷᠢᠭᠤᠴᠠᠯᠭ᠎ᠠ ᠪᠠᠨ ᠪᠠᠲᠤ ᠰᠠᠬᠢᠪᠠ᠃ ᠣᠯᠠᠨ ᠵᠠᠭᠤᠴᠢᠯᠠᠭᠤᠷ ᠡᠳᠦᠷ ᠤᠨ ᠲᠡᠮᠳᠡᠭᠯᠡᠯ ᠪᠣᠯᠤᠨ ᠰᠢᠷᠬ᠎ᠠ ᠶᠢᠨ ᠪᠠᠶᠢᠳᠠᠯ ᠤᠨ ᠳᠠᠩᠰᠠ ᠡᠪᠬᠡᠮᠡᠯ ᠢ ᠳᠡᠯᠭᠡᠨ ᠦᠵᠡᠭᠦᠯᠵᠦ᠂ ︽ᠭᠡᠷ ᠤᠨ ᠠᠬᠠᠮᠠᠳ ᠲᠤ ᠲᠠᠯᠠᠷᠬᠠᠯ ᠤᠨ ᠵᠠᠬᠢᠳᠠᠯ ᠢᠯᠡᠭᠡᠬᠦ︾ ᠵᠡᠷᠭᠡ ᠪᠣᠳᠠᠲᠤ ᠪᠣᠳᠠᠰ ᠤᠨ ᠦᠵᠡᠭᠦᠯᠦᠯᠭᠡ ᠲᠠᠢ ᠬᠠᠮᠵᠢᠯᠴᠠᠨ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠠᠮᠢᠳᠤᠯᠢᠭ ᠲᠠᠶᠢᠯᠪᠤᠷᠢᠯᠠᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠣᠯᠠᠨ ᠤᠳᠠᠭ᠎ᠠ ᠠᠯᠠᠭ᠎ᠠ ᠲᠠᠰᠢᠵᠤ᠂ ᠴᠥᠭᠡᠨ ᠪᠤᠰᠤ ᠰᠠᠭᠤᠭᠠᠯᠢ ᠠᠷᠠᠳ ᠦᠯᠢᠭᠡᠷ ᠳᠠᠭᠤᠷᠢᠶᠠᠯ ᠤᠨ ᠬᠦᠴᠦᠨ ᠢᠶᠠᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃
     ᠶᠣᠰᠣ ᠰᠤᠷᠲᠠᠬᠤᠨ ᠤ ᠬᠦᠴᠦᠨ ᠤ ᠤᠷᠢᠶᠠᠯᠠᠯ ᠳᠣᠤᠷ᠎ᠠ᠂ ᠤᠬᠠᠭᠤᠯᠤᠨ ᠲᠠᠶᠢᠯᠪᠤᠷᠢᠯᠠᠭᠴᠢ ᠵᠣᠣ ᠰᠢᠨ ᠯᠸᠢ ︽ᠬᠠᠮᠤᠭ ᠤᠨ ᠥᠷᠭᠡᠨ ᠭᠤᠳᠤᠮᠵᠢ︾ ᠶᠢᠨ ᠭᠤᠤᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠵᠢᠷᠭᠤᠭᠠᠨ ᠲᠤᠬᠤᠢ ᠭᠤᠳᠤᠮᠵᠢ ᠶᠢᠨ ᠦᠯᠢᠭᠡᠷ ᠬᠡᠪ ᠢ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠳᠦᠯᠭᠡ ᠲᠠᠢ ᠣᠷᠭᠠᠨᠢᠭ ᠢᠶᠠᠷ ᠤᠶᠠᠯᠳᠤᠭᠤᠯᠪᠠ᠃ ᠲᠤᠭᠠᠴᠢᠯᠠᠨ ᠢᠯᠡᠷᠡᠭᠦᠯᠦᠭᠰᠡᠨ ︽ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠡᠶᠡᠳᠡᠭᠦᠯᠬᠦ ᠬᠡᠷᠡᠭ ᠤᠨ ᠵᠢᠱᠢᠶ᠎ᠡ ᠶᠢᠨ ᠬᠥᠮᠥᠷᠭᠡ︾ ᠪᠣᠯᠤᠨ ᠨᠠᠶᠢᠷᠠᠭᠤᠯᠤᠨ ᠵᠣᠬᠢᠶᠠᠭᠰᠠᠨ ︽ᠰᠣᠶᠣᠯ ᠤᠨ ᠵᠢᠭᠤᠷᠠᠯᠳᠤᠭᠠᠨ︾ ᠤ ᠦᠵᠡᠭᠳᠡᠯᠲᠦ ᠵᠦᠴᠦᠭᠡ ᠨᠢ ᠤᠯᠠᠮᠵᠢᠯᠠᠯᠲᠤ ᠣᠶᠤᠨ ᠤᠬᠠᠭᠠᠨ ᠤ ᠣᠲᠣ ᠦᠶ᠎ᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠲᠤᠬᠠᠶ ᠶᠢᠨ ᠲᠠᠯᠠᠪᠠᠢ ᠳᠤ ᠲᠣᠬᠢᠷᠠᠭᠤᠯᠤᠭᠰᠠᠨ ᠬᠠᠷᠢᠯᠴᠠᠨ ᠬᠥᠳᠡᠯᠦᠯᠴᠡᠬᠦ ᠭᠤᠭᠴᠤᠭ᠎ᠠ ᠨᠢ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠲᠡᠦᠬᠡ ᠶᠢᠨ ᠦᠯᠢᠭᠡᠷ ᠵᠢᠱᠢᠶ᠎ᠡ ᠠᠴᠠ 23 ᠵᠤᠷᠪᠤᠰ ᠵᠠᠰᠠᠬᠤ ᠰᠠᠨᠠᠭᠤᠯᠭ᠎ᠠ ᠶᠢ ᠪᠣᠯᠪᠠᠰᠤᠷᠠᠭᠤᠯᠵᠤ᠂ ᠰᠣᠶᠣᠯ ᠤᠨ ᠤᠯᠠᠮᠵᠢᠯᠠᠯ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ ᠣᠷᠭᠠᠨᠢᠭ ᠠᠭᠤᠰᠤᠯᠴᠠᠯ ᠢ ᠪᠡᠶᠡᠯᠡᠭᠦᠯᠪᠡ᠃
     ᠠᠵᠢᠯᠯᠠᠭ᠎ᠠ ᠶᠢᠨ ᠥᠷᠨᠢᠯᠲᠡ ᠵᠡᠭᠡᠯᠢ ᠭᠤᠳᠤᠮᠵᠢ ᠶᠢᠨ ᠤᠬᠠᠭᠤᠯᠤᠨ ᠲᠠᠶᠢᠯᠪᠤᠷᠢᠯᠠᠭᠴᠢ ᠦ᠋ ᠵᠢᠶᠠ ᠸᠧᠢ ᠠᠴᠠ ︽ᠵᠠᠭᠤᠨ ᠵᠢᠯ ᠤᠨ ᠠᠶᠠᠨ ᠵᠠᠮ  ᠲᠡᠦᠬᠡ ᠪᠠᠷ ᠲᠤᠯᠢ ᠪᠣᠯᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠪᠠᠷ ᠳᠡᠯᠭᠡᠭᠳᠡᠪᠡ᠃ ᠲᠡᠷᠡ ᠠᠮᠢᠳᠤᠯᠢᠭ ᠦᠭᠡ ᠬᠡᠯᠡ ᠪᠠ ᠡᠯᠪᠡᠭ ᠪᠠᠶᠠᠯᠢᠭ ᠬᠠᠶᠢᠷ᠎ᠠ ᠰᠡᠳᠬᠢᠯᠭᠡ ᠪᠠᠷ ︽ᠵᠠᠭᠤᠨ ᠵᠢᠯ ᠤᠨ ᠠᠶᠠᠨ ᠵᠠᠮ᠂ ᠲᠡᠦᠬᠡ ᠪᠠᠷ ᠲᠤᠯᠢ ᠪᠣᠯᠭᠠᠬᠤ︾ ᠶᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠷ ᠳᠠᠯᠠᠶᠢᠴᠠᠲᠠᠢ ᠵᠠᠭᠤᠨ ᠵᠢᠯ ᠤᠨ ᠠᠶᠠᠨ ᠢᠶᠠᠨ ᠡᠷᠭᠢᠴᠡᠭᠦᠯᠵᠦ᠂ ᠮᠠᠨ ᠤ ᠲᠤᠭᠤᠷᠢᠭ ᠤᠨ ᠬᠥᠭᠵᠢᠯᠲᠡ ᠶᠢᠨ ᠥᠩᠭᠡᠷᠡᠯᠲᠡ ᠪᠠ ᠬᠤᠪᠢᠰᠬᠠᠯ ᠤᠨ ᠲᠡᠦᠬᠡ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠪᠠ ᠤᠯᠠᠨ ᠲᠦᠮᠡᠨ ᠤ ᠪᠣᠳᠠᠲᠤ ᠵᠢᠱᠢᠶ᠎ᠡ ᠶᠢ ᠬᠡᠷᠡᠭᠯᠡᠵᠦ᠂ ᠤᠯᠠᠨ ᠳᠤ ᠲᠡᠦᠬᠡ ᠶᠢᠨ ᠬᠤᠪᠢᠰᠬᠠᠯ ᠤᠨ ᠦᠯᠢᠭᠡᠷ ᠢ ᠨᠡᠩ ᠭᠦᠨᠵᠡᠭᠡᠢ ᠤᠢᠢᠯᠠᠭᠠᠭᠤᠯᠵᠤ᠂ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠣᠶᠢᠯᠠᠭᠠᠭᠤᠯᠪᠠ᠃      ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠥᠯᠢᠭᠡᠷ ᠳᠠᠭᠤᠷᠢᠶᠠᠯ ᠤᠨ ᠬᠦᠴᠦᠨ᠂ ᠤᠮᠠᠷᠠᠲᠤ ᠬᠢᠯᠢ ᠶᠢᠨ ᠰᠣᠶᠣᠯ ᠢ ᠦᠨᠳᠦᠰᠦᠨ ᠱᠠᠲᠤᠨ ᠤ ᠣᠨᠣᠯ ᠲᠠᠢ ᠣᠷᠭᠠᠨᠢᠭ ᠢᠶᠠᠷ ᠠᠭᠤᠰᠤᠯᠴᠠᠭᠤᠯᠪᠠ᠃ ᠡᠨᠡ ᠪᠣᠯ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠰᠠᠭᠤᠭᠠᠯᠢ ᠠᠷᠠᠳ ᠤᠨ ᠰᠡᠳᠬᠢᠯ ᠳᠠᠬᠢ ᠪᠠᠶᠢᠷᠢ ᠰᠠᠭᠤᠷᠢ ᠶᠢ ᠴᠢᠩᠭᠠᠳᠬᠠᠭᠰᠠᠨ ᠢᠶᠠᠷ ᠪᠠᠷᠠᠬᠤ ᠦᠭᠡᠢ ᠪᠠᠰᠠ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠷ ᠬᠤᠯᠪᠣᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠤᠭᠰᠠᠨ ᠪᠠᠶᠢᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号