ᠲᠡᠷᠢᠭᠦᠯᠡᠭᠴᠢ ᠰᠢ ᠶᠢᠨ ᠫᠢᠩ ᠬᠠᠨᠤᠢ ᠳᠤ ᠠᠶᠢᠯᠴᠢᠯᠠᠨ ᠬᠦᠷᠴᠡᠢ᠂ ᠸᠢᠶᠧᠲᠨᠠᠮ ᠬᠠᠯᠠᠭᠤᠨ ᠢᠶᠠᠷ ᠤᠭᠲᠤᠪᠠ︕
ᠨᠡᠶᠢᠲᠡᠯᠡᠭᠰᠡᠨ ᠴᠠᠭ᠄
2025/4/15
     ᠲᠤᠬᠠᠢ ᠶᠢᠨ ᠭᠠᠵᠠᠷ ᠤᠨ ᠴᠠᠭ ᠢᠶᠠᠷ 4 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠬᠠᠨᠤᠢ ᠳᠤ ᠠᠶᠢᠯᠴᠢᠯᠠᠨ ᠬᠦᠷᠴᠦ᠂ ᠸᠢᠶᠧᠲᠨᠠᠮ ᠳᠠᠬᠢ ᠲᠥᠷᠥ ᠶᠢᠨ ᠶᠠᠪᠤᠳᠠᠯ ᠤᠨ ᠠᠶᠢᠯᠴᠢᠯᠠᠯᠲᠠ ᠪᠠᠨ ᠡᠬᠢᠯᠡᠭᠦᠯᠪᠡ᠃      ᠬᠠᠨᠤᠢ ᠶᠢᠨ ᠨᠧᠶᠢᠫᠠᠢ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ᠂ ᠳᠤᠮᠳᠠᠳᠤ ᠸᠢᠶᠧᠲᠨᠠᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠲᠤᠭ ᠳᠠᠯᠪᠠᠭ᠎ᠠ ᠬᠤᠷᠤᠶᠢᠯᠠᠨ ᠬᠠᠯᠠᠭᠤᠨ ᠢᠶᠠᠷ ᠤᠭᠲᠤᠪᠠ᠃ ᠸᠢᠶᠧᠲᠨᠠᠮ ᠤᠨ ᠲᠠᠯ᠎ᠠ ᠶᠢᠨ  ᠬᠢᠨ ᠨᠢᠰᠬᠡᠯ ᠤᠨ ᠪᠠᠭᠤᠳᠠᠯ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠨ ᠲᠡᠷᠢᠭᠦᠯᠡᠭᠴᠢ ᠰᠢ ᠶᠢᠨ ᠫᠢᠩ ᠢ ᠬᠠᠯᠠᠭᠤᠨ ᠢᠶᠠᠷ ᠤᠭᠲᠤᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号