ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ᠃ | ᠰᠢ ᠶᠢᠨ ᠫᠢᠩ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ᠂ | ᠸᠢᠶᠧᠲᠨᠠᠮ ᠤᠨ ᠰᠢᠨᠡᠴᠢᠯᠡᠯᠲᠡ ᠶᠢᠨ ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ | ᠭᠡᠷᠡᠴᠢᠯᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ ᠣᠯᠪᠠ᠃ | ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠂ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ᠂ | ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ | ᠪᠠᠶᠢᠨ᠎ᠠ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ ᠪᠠᠶᠢᠳᠠᠯ ᠤᠨ ᠡᠮᠦᠨ᠎ᠡ᠂ ᠳᠤᠮᠳᠠᠳᠤ ᠸᠢᠶᠧᠲᠨᠠᠮ ᠬᠤᠶᠠᠷ | ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠪᠦᠯᠬᠦᠮᠳᠡᠨ ᠬᠠᠮᠵᠢᠯᠴᠠᠬᠤ ᠪᠠᠨ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ | ᠲᠡᠶᠢᠰᠢ ᠤᠷᠤᠭᠰᠢᠯᠠᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ | ᠤᠯᠤᠰ ᠮᠥᠨ᠂ ᠤᠯᠤᠰ ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ | ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ ᠪᠠᠶᠢᠳᠠᠭ᠃ ᠬᠤᠶᠠᠷ ᠨᠠᠮ | ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ᠂ ᠬᠠᠮᠲᠤ ᠶᠢᠨ | ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠴᠢᠭᠯᠡᠯ ᠢᠶᠠᠨ ᠪᠠᠲᠤᠳᠬᠠᠵᠤ᠂ | ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ᠃ | ᠨᠠᠮ ᠤᠨ ᠬᠤᠭᠤᠷᠤᠨᠳᠤᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠤᠶᠠᠷ | ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ | ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ | ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ | ᠰᠡᠳᠬᠢᠯᠭᠡ ᠶᠢ ᠨᠡᠮᠡᠭᠳᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠣᠯᠣᠨ ᠸᠢᠶᠧᠲᠨᠠᠮ ᠤᠨ ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ᠂ ᠬᠠᠮᠲᠤᠷᠠᠯᠴᠠᠭ᠎ᠠ ᠦᠯᠡᠮᠵᠢ | ᠦᠷ᠎ᠡ ᠪᠦᠲᠦᠭᠡᠯ ᠣᠯᠪᠠ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ | ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠤᠯᠠᠨ ᠲᠠᠯ᠎ᠠ ᠶᠢᠨ | ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ᠂ ᠲᠤᠰ ᠲᠤᠰ ᠤᠨ ᠤᠯᠤᠰ ᠤᠨ ᠢᠶᠠᠨ ᠨᠡᠶᠢᠭᠡᠮ | ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ | ᠭᠡᠵᠦ ᠵᠢᠭᠠᠵᠤ ᠭᠠᠷᠭᠠᠪᠠ᠃ | ᠴᠧᠨ ᠴᠢᠩ ᠮᠢᠨ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠨᠠᠮ ᠬᠤᠶᠠᠷ | ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ᠨᠥᠬᠦᠷ ᠪᠥᠭᠡᠳ | ᠠᠬ᠎ᠠ ᠳᠡᠭᠦᠦ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠤᠷᠳᠤ | ᠬᠤᠭᠤᠴᠠᠭ᠎ᠠ ᠪᠠᠷ ᠨᠥᠭᠦᠷᠰᠡᠭ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠨᠢ | ᠳᠤᠮᠳᠠᠳᠤ ᠤᠯᠤᠰ ᠤᠨ ᠨᠠᠮ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ | ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ | ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ᠃ ᠸᠢᠶᠧᠲᠨᠠᠮ ᠤᠨ ᠤᠯᠤᠰ ᠤᠨ ᠬᠤᠷᠠᠯ ᠤᠨ | ᠬᠢᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ | ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ | ᠨᠢᠭᠲᠠ ᠣᠯᠣᠯᠴᠠᠨ ᠬᠠᠮᠲᠤᠷᠠᠯᠴᠠᠵᠤ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ | ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠢᠳᠡᠪᠬᠢᠲᠡᠢ | ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ |