ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ | ᠦᠳᠡ ᠶᠢᠨ ᠡᠮᠦᠨ᠎ᠡ᠂ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠬᠤ ᠭᠡᠵᠦ ᠪᠠᠶᠢᠭ᠎ᠠ | ᠦᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ | ᠲᠠᠢ ᠠᠶᠠᠷᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠠᠶᠢᠯᠴᠢᠯᠠᠯᠲᠠ ᠬᠡᠳᠦᠢ ᠪᠠᠷ ᠴᠠᠭ ᠨᠢ ᠣᠬᠤᠷ ᠪᠤᠯᠪᠠᠴᠤ ᠠᠵᠢᠯᠯᠠᠭ᠎ᠠ ᠪᠠᠶᠠᠯᠢᠭ᠂ | ᠦᠷ᠎ᠡ ᠪᠦᠲᠦᠭᠡᠯ ᠦᠯᠡᠮᠵᠢ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠨᠡᠶᠢᠭᠡᠮ ᠵᠢᠷᠤᠮ ᠤᠨ ᠠᠵᠢᠯ ᠦᠢᠯᠡᠰ ᠢ | ᠬᠠᠮᠲᠤ ᠪᠠᠷ ᠪᠤᠵᠠᠭᠠᠶᠢᠷᠠᠭᠤᠯᠬᠤ ᠤᠯᠤᠰ ᠲᠦᠷᠦ ᠶᠢᠨ ᠬᠦᠰᠡᠯ ᠰᠠᠨᠠᠭ᠎ᠠ ᠪᠠᠨ ᠳᠠᠪᠲᠠᠨ ᠴᠢᠬᠤᠯᠠᠴᠢᠯᠠᠵᠤ᠂ ᠴᠥᠮ ︽ | ᠵᠢᠷᠭᠤᠭᠠᠨ ᠨᠡᠩ ᠪᠠᠶᠢᠬᠤ︾ ᠶᠢᠨ ᠶᠡᠷᠦᠩᠬᠡᠢ ᠬᠠᠷᠠᠯᠲᠠ ᠲᠡᠶᠢᠰᠢ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠠᠬᠢᠭᠤᠯᠬᠤ ᠶᠢ ᠬᠦᠰᠡᠨ ᠬᠦᠯᠢᠶᠡᠵᠦ ᠪᠠᠶᠢᠨ᠎ᠠ᠂ ᠴᠥᠮ ᠭᠠᠳᠠᠭᠠᠳᠤ ᠶᠢᠨ ᠠᠶᠤᠯ | ᠲᠦᠭᠰᠢᠭᠦᠷᠢ ᠪᠠ ᠥᠷᠢᠰᠦᠯᠳᠦᠭᠡᠨ ᠢ ᠡᠰᠡᠷᠭᠦᠴᠡᠨ ᠬᠤᠷᠢᠭᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ | ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠵᠡᠢ᠃ ᠪᠢ ᠳᠤᠮᠳᠠᠳᠤ | ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠬᠤᠶᠠᠷ ᠲᠠᠯ᠎ᠠ ᠪᠠᠷ | ᠢᠶᠠᠨ ᠡᠨᠡ ᠤᠳᠠᠭ᠎ᠠ ᠶᠢᠨ ᠠᠶᠢᠯᠴᠢᠯᠠᠯᠲᠠ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠶ᠎ᠠ ᠭᠡᠵᠦ | ᠵᠢᠭᠠᠵᠤ ᠭᠠᠷᠭᠠᠪᠠ᠃ | ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ | ᠠᠶᠢᠯᠴᠢᠯᠠᠯᠲᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ | ᠶᠡᠭᠡ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ | ᠣᠯᠣᠯᠴᠠᠵᠤ᠂ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠨᠠᠮ ᠬᠤᠶᠠᠷ ᠤᠯᠤᠰ ᠤᠨ | ᠬᠤᠭᠤᠷᠣᠨᠳᠣᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠸᠢᠶᠧᠲᠨᠠᠮ ᠤᠨ ᠲᠠᠯ᠎ᠠ ᠶᠢᠨ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠢᠯᠠᠬᠤ ᠢᠲᠡᠭᠡᠯ ᠢ ᠨᠡᠮᠡᠭᠳᠡᠭᠦᠯᠦᠭᠰᠡᠨ ᠪᠥᠭᠡᠳ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠢ ᠰᠢᠨ᠎ᠡ ᠥᠨᠳᠥᠷᠴᠡ ᠳᠤ ᠬᠦᠷᠭᠡᠬᠦ ᠶᠤᠮ᠃ ᠸᠢᠶᠧᠲᠨᠠᠮ ᠤᠨ ᠲᠠᠯ᠎ᠠ ᠶᠢᠨ ᠬᠢᠨ ᠠᠶᠢᠯᠴᠢᠯᠠᠯᠲᠠ ᠶᠢᠨ | ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ | ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠬᠠᠮᠲᠤ ᠪᠠᠷ ᠴᠡᠴᠡᠭᠯᠡᠨ ᠬᠥᠭᠵᠢᠬᠦ ᠢᠷᠡᠭᠡᠳᠦᠢ ᠶᠢ ᠴᠣᠭᠴᠠᠯᠠᠨ᠎ᠠ | ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ |