ᠢᠦᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ︽ᠰᠣᠶᠣᠯ ᠤᠨ ᠢᠲᠡᠭᠡᠯ  ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠨᠠᠰᠤᠨ ᠳᠤ ᠦᠯᠦ ᠬᠦᠷᠦᠭᠰᠡᠳ ᠤᠨ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2025/4/16
     ᠤᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ︽ᠰᠣᠶᠣᠯ ᠤᠨ ᠢᠲᠡᠭᠡᠯ  ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠨᠠᠰᠤᠨ ᠳᠤ ᠦᠯᠦ ᠬᠦᠷᠦᠭᠰᠡᠳ ᠤᠨ ᠭᠤᠸ᠎ᠠ ᠰᠠᠶᠢᠬᠠᠨ ᠤ ᠬᠥᠮᠦᠵᠢᠯ ᠤᠨ ᠰᠢᠷᠢᠰ ᠠᠵᠢᠯᠯᠠᠭ᠎ᠠ ᠥᠷᠨᠢᠭᠦᠯᠵᠦ᠂ ᠮᠠᠰᠢ ᠣᠯᠠᠨ ᠭᠡᠷ ᠤᠨ ᠠᠬᠠᠮᠠᠳ ᠪᠣᠯᠤᠨ ᠬᠡᠦᠬᠡᠳ ᠤᠨ ᠢᠳᠡᠪᠬᠢᠲᠡᠢ ᠤᠷᠤᠯᠴᠠᠬᠤ ᠶᠢ ᠲᠠᠲᠠᠵᠠᠢ᠃
     ᠲᠣᠰ ᠤᠳᠠᠭᠠᠨ ᠤ ᠠᠵᠢᠯᠯᠠᠭ᠎ᠠ ᠨᠢ ︽ᠰᠣᠶᠣᠯ ᠢᠶᠠᠷ ᠣᠶᠤᠨ ᠤᠬᠠᠭᠠᠨ ᠢ ᠤᠮᠳᠠᠯᠠᠵᠤ᠂ ᠭᠤᠸ᠎ᠠ ᠰᠠᠶᠢᠬᠠᠨ ᠤ ᠬᠥᠮᠦᠵᠢᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ ᠪᠥᠵᠢᠭ᠂ ᠬᠦᠭᠵᠢᠮ᠂ ᠬᠤᠪᠢᠰᠬᠠᠯ ᠤᠨ ᠰᠣᠩᠭᠤᠳᠠᠭ ᠪᠦᠲᠦᠭᠡᠯ ᠢ ᠤᠩᠰᠢᠬᠤ ᠵᠡᠷᠭᠡ ᠣᠯᠠᠨ ᠲᠠᠯ᠎ᠠ ᠶᠢ ᠬᠠᠮᠤᠷᠴᠤ᠂ ︽ᠪᠡᠶᠡᠴᠢᠯᠡᠨ ᠤᠶᠢᠯᠠᠭᠠᠬᠤ + ᠬᠦᠲᠡᠯᠦᠯᠴᠡᠬᠦ + ᠵᠣᠬᠢᠶᠠᠨ ᠪᠦᠲᠦᠭᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠤᠬᠡᠳ ᠤᠳ ᠲᠤ ᠰᠤᠷᠤᠯᠴᠠᠯᠭ᠎ᠠ ᠳᠤᠮᠳᠠ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠮᠡᠳᠡᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠡᠦᠬᠡᠳ ᠤᠳ ᠪᠠᠶᠠᠷ ᠬᠥᠷ ᠲᠠᠢ ᠪᠠᠷ ᠦᠢᠯᠡᠳᠦᠯᠭᠡ ᠳᠤ ᠣᠷᠣᠯᠴᠠᠵᠤ᠂ ᠤᠯᠠᠮᠵᠢᠯᠠᠯᠲᠤ ᠰᠣᠶᠣᠯ ᠤᠨ ᠲᠤᠬᠠᠢ ᠭᠦᠨ ᠵᠤᠵᠠᠭᠠᠨ ᠳᠤᠷ᠎ᠠ ᠰᠣᠨᠢᠷᠬᠠᠯ ᠢᠶᠠᠨ ᠢᠯᠡᠷᠡᠭᠦᠯᠪᠡ᠃
     ᠰᠣᠶᠣᠯ ᠤᠨ ᠣᠷᠳᠣᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠪᠢᠳᠡ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠤᠷᠠᠯᠢᠭ ᠤᠨ ᠨᠥᠯᠥᠭᠡ ᠳᠤᠮᠳᠠ ᠰᠣᠶᠣᠯ ᠤᠨ ᠢᠲᠡᠭᠡᠯ ᠲᠠᠢ ᠪᠣᠯᠭᠠᠵᠤ᠂ ᠬᠠᠷᠠᠬᠠᠨ ᠪᠠᠭ᠎ᠠ ᠠᠴᠠ ᠪᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ︿ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ﹀ ᠭᠡᠬᠦ ᠡᠭᠦᠷᠭᠡ ᠬᠠᠷᠢᠭᠤᠴᠠᠯᠭ᠎ᠠ ᠶᠢ ᠦᠨᠡᠨ ᠬᠦ ᠦᠢᠯᠡᠳᠦᠯᠭᠡᠵᠢᠭᠦᠯᠬᠦ ᠶᠢ ᠬᠦᠰᠡᠵᠦ ᠪᠠᠶᠢᠨ᠎ᠠ︾ ᠭᠡᠵᠡᠶ᠃ ᠠᠵᠢᠯᠯᠠᠭ᠎ᠠ ᠳᠤ ᠣᠷᠣᠯᠴᠠᠭᠰᠠᠨ ᠭᠡᠷ ᠤᠨ ᠠᠬᠠᠮᠠᠳ ᠯᠢ ᠠᠪᠠᠭ᠋ᠠᠢ᠄ ︽ᠬᠡᠦᠬᠡᠳ ᠤᠷ᠎ᠠ ᠮᠡᠷᠭᠡᠰᠢᠯ ᠢ ᠰᠤᠷᠤᠭᠰᠠᠨ ᠢᠶᠠᠷ ᠪᠠᠷᠠᠬᠤ ᠦᠭᠡᠢ᠂ ᠦᠨᠳᠦᠰᠦᠲᠡᠨ ᠤ ᠰᠣᠶᠣᠯ ᠤᠨ ᠲᠤᠬᠠᠢ ᠮᠡᠳᠡᠷᠡᠮᠵᠢ ᠶᠢ ᠨᠡᠩ ᠢᠯᠡᠭᠦᠦ ᠴᠢᠩᠭᠠᠳᠬᠠᠭᠰᠠᠨ ᠪᠠᠶᠢᠨ᠎ᠠ︕︾ ᠭᠡᠵᠦ ᠬᠡᠯᠡᠪᠡ᠃ ᠮᠠᠰᠢ ᠣᠯᠠᠨ ᠭᠡᠷ ᠤᠨ ᠠᠬᠠᠮᠠᠳ ᠢᠯᠡᠷᠬᠡᠶᠢᠯᠡᠬᠦ ᠳᠡᠭᠡᠨ᠂ ᠰᠣᠶᠣᠯ ᠤᠨ ᠣᠷᠳᠣᠨ ᠨᠡᠶᠢᠲᠡ ᠶᠢᠨ ᠠᠰᠠᠷᠠᠮᠵᠢ ᠶᠢᠨ ᠭᠤᠸ᠎ᠠ ᠰᠠᠶᠢᠬᠠᠨ ᠤ ᠬᠥᠮᠦᠵᠢᠯ ᠲᠠᠢ ᠠᠳᠠᠯᠢᠪᠲᠤᠷ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠲᠤ ᠨᠠᠩ ᠣᠯᠠᠨ ᠰᠢᠯᠢᠳᠡᠭ ᠰᠣᠶᠣᠯ ᠤᠨ ᠡᠬᠢ ᠪᠠᠶᠠᠯᠢᠭ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃
     ᠨᠠᠰᠤᠨ ᠳᠤ ᠥᠯᠥ ᠭᠦᠷᠦᠭᠰᠡᠳ ᠤᠨ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠰᠣᠶᠣᠯ ᠤᠨ ᠣᠷᠳᠣᠨ ᠤ ᠺᠠᠳ᠋ᠷᠴᠤᠳ ᠰᠠᠶᠢᠨ ᠳᠤᠷ᠎ᠠ ᠶᠢᠨ ᠠᠵᠢᠯᠯᠠᠭᠰᠠᠳ ᠲᠠᠢ ᠢᠳᠡᠪᠬᠢᠲᠡᠶ ᠠᠵᠢᠯ ᠤᠨ ᠣᠪᠣᠷ ᠪᠠ ᠬᠠᠯᠠᠭᠤᠨ ᠰᠡᠳᠬᠢᠯᠭᠡ ᠪᠠᠷ ᠢᠦᠢ ᠴᠢᠤᠸᠠᠨ ᠲᠣᠭᠤᠷᠢᠭ ᠤᠨ ᠨᠡᠶᠢᠭᠡᠮ ᠲᠣᠭᠤᠷᠢᠭ᠂ ᠰᠤᠷᠭᠠᠭᠤᠯᠢ ᠵᠢᠴᠢ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠵᠢᠭᠠᠨ ᠰᠤᠷᠭᠠᠬᠤ᠂ ᠳᠡᠯᠭᠡᠨ ᠦᠵᠡᠭᠦᠯᠬᠦ᠂ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠢ ᠣᠯᠠᠨ ᠭᠤᠸ᠎ᠠ ᠰᠠᠶᠢᠬᠠᠨ ᠤ ᠬᠥᠮᠦᠵᠢᠯ ᠤᠨ ᠡᠭᠦᠷᠭᠡ ᠶᠢ ᠪᠡᠶᠡᠯᠡᠭᠦᠯᠪᠡ᠃ ᠢᠷᠡᠭᠡᠳᠦᠢ ᠳᠤ᠂ ᠢᠦᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠨᠠᠰᠤᠨ ᠳᠤ ᠦᠯᠦ ᠬᠦᠷᠦᠭᠰᠡᠳ ᠤᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号