ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/17
     ᠬᠠᠷᠢᠶᠠᠲᠤ ᠣᠷᠣᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠪᠠᠭ᠎ᠠ ᠵᠣᠣ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠢᠦᠶ ᠴᠢᠤᠸᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠲᠠᠢ ᠬᠠᠮᠲᠤᠷᠠᠨ ︽ᠬᠤᠶᠠᠷ ᠥᠮᠡᠨ︾ ᠢ ᠰᠦᠢᠳᠭᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ 35 ᠠᠴᠠ 64 ᠨᠠᠰᠤᠨ ᠤ ᠡᠮᠡᠭᠲᠡᠶᠢᠴᠦᠳ ᠲᠤ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠤ ᠲᠤᠰᠬᠠᠶ ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ᠬᠤᠶᠠᠷ ᠡᠳᠦᠷ ᠲᠤ ᠰᠠᠭᠤᠭᠠᠯᠢ ᠠᠷᠠᠳ ᠲᠤ ᠨᠡᠶᠢᠲᠡ 200 ᠭᠠᠷᠤᠶ ᠬᠥᠮᠦᠨ ᠤᠳᠠᠭ᠎ᠠ ᠦᠢᠯᠡᠴᠢᠯᠡᠪᠡ᠃
     ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠬᠢᠨ ︽ᠰᠦᠯᠵᠢᠶᠡᠨ ᠳᠡᠭᠡᠷᠡᠬᠢ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠴᠤᠭᠯᠠᠷᠠᠯ ᠬᠦᠷᠭᠡᠬᠦ + ᠰᠦᠯᠵᠢᠶᠡᠨ ᠭᠠᠳᠠᠨᠠᠬᠢ ᠡᠷᠦᠬᠡ ᠳᠤ ᠬᠦᠷᠴᠦ ᠤᠬᠠᠭᠤᠯᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠷᠢᠯᠢᠭ ᠣᠨᠣᠴᠠᠲᠠᠶ ᠳᠠᠶᠢᠴᠢᠯᠠᠯᠲᠠ ᠶᠢ ᠥᠷᠨᠢᠭᠦᠯᠪᠡ᠃ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ᠂ ᠵᠡᠮᠳᠡᠭ ᠡᠮᠡᠭᠲᠡᠶ ᠵᠡᠷᠭᠡ ᠣᠨᠴᠠᠭᠠᠶ ᠬᠥᠮᠦᠰ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠷᠢᠳᠴᠢᠯᠠᠨ ᠪᠣᠯᠵᠣᠵᠤ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ 12 ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ ᠳᠤ ᠰᠢᠭᠰᠢᠨ ᠪᠠᠶᠢᠴᠠᠭᠠᠬᠤ ᠵᠦᠭᠯᠡᠭᠦᠷ ᠨᠡᠶᠢᠲᠡᠯᠡᠵᠦ᠂ ᠡᠷᠡᠭᠦᠯ ᠮᠡᠨᠳᠦ ᠶᠢᠨ ᠮᠡᠳᠡᠯᠭᠡ ᠶᠢᠨ ᠲᠤᠰᠬᠠᠶ ᠪᠤᠯᠤᠩ ᠲᠤᠬᠢᠷᠠᠭᠤᠯᠵᠤ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠭᠤᠤᠯᠳᠠᠯᠭ᠎ᠠ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠪᠠᠶᠢᠴᠠᠭᠠᠯᠲᠠ ᠶᠢᠨ ᠡᠷᠡᠭᠡᠯᠵᠡᠭᠡ ᠶᠢ ᠪᠦᠲᠦᠮᠵᠢᠲᠡᠶ ᠠᠷᠢᠯᠭᠠᠪᠠ᠃
     ᠰᠢᠭᠰᠢᠨ ᠪᠠᠶᠢᠴᠠᠭᠠᠬᠤ ᠲᠤᠬᠠᠢ ᠶᠢᠨ ᠲᠠᠯᠠᠪᠠᠢ ᠳᠤ ᠪᠠᠷᠢᠮᠵᠢᠶᠠᠵᠢᠭᠰᠠᠨ ᠦᠢᠯᠡᠴᠢᠯᠡᠭᠡᠨ ᠤ ᠲᠤᠰᠬᠠᠢ ᠲᠣᠭᠤᠷᠢᠭ ᠪᠠᠶᠢᠭᠤᠯᠵᠤ᠂ ᠢᠦᠢ ᠴᠢᠤᠸᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠠᠴᠠ 8 ᠬᠥᠮᠦᠨ ᠤ ᠡᠮᠴᠢᠯᠡᠭᠡᠨ ᠤ ᠪᠦᠯᠬᠦᠮ ᠲᠣᠮᠢᠯᠠᠵᠤ  ᠴᠡᠭ ᠲᠤ ᠰᠠᠭᠤᠭ᠎ᠠ ᠦᠢᠯᠡᠴᠢᠯᠡᠭᠡ ᠬᠠᠩᠭᠠᠪᠠ᠃ ᠡᠮᠴᠢ ᠰᠤᠪᠢᠯᠠᠭᠴᠢᠳ ᠬᠥᠬᠦᠨ ᠪᠤᠯᠴᠢᠷᠬᠠᠢ ᠶᠢ  ᠲᠡᠮᠲᠡᠷᠢᠵᠦ ᠤᠨᠤᠰᠢᠯᠠᠬᠤ᠂ B ᠬᠡᠲᠦ ᠳᠣᠯᠭᠢᠶᠠᠨ ᠤ ᠪᠠᠶᠢᠴᠠᠭᠠᠯᠲᠠ ᠵᠢᠴᠢ ᠰᠠᠪᠠ ᠶᠢᠨ ᠬᠦᠵᠦᠭᠦᠨ ᠤ HPV ᠥᠯᠢᠭᠡᠷ ᠠᠪᠬᠤ ᠵᠡᠷᠭᠡ ᠪᠠᠶᠢᠴᠠᠭᠠᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ ᠥᠷᠨᠢᠭᠦᠯᠬᠦ ᠶᠢᠨ ᠬᠠᠮᠲᠤ᠂ ᠪᠠᠶᠢᠴᠠᠭᠠᠯᠲᠠ ᠳᠤ ᠣᠷᠣᠯᠴᠠᠭᠰᠠᠨ ᠡᠮᠡᠭᠲᠡᠶᠢᠴᠦᠳ ᠨᠢᠭᠡᠪᠦᠷᠢ ᠳᠤ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠪᠠᠶᠢᠭᠤᠯᠵᠤ ᠦᠭᠪᠡ᠃ ︽ᠪᠠᠶᠢᠴᠠᠭᠠᠵᠤ ᠪᠠᠷᠠᠮᠠᠭᠴᠠ ᠪᠠᠰᠠ ᠲᠤᠬᠠᠢ ᠶᠢᠨ ᠲᠠᠯᠠᠪᠤᠷ ᠲᠤ ᠡᠷᠡᠭᠦᠯᠵᠢᠯ ᠤᠨ ᠮᠡᠳᠡᠯᠭᠡ ᠶᠢ ᠠᠰᠠᠭᠤᠨ ᠯᠠᠪᠯᠠᠵᠤ ᠴᠢᠳᠠᠨ᠎ᠠ᠂ ᠡᠮᠴᠢ ᠨᠠᠳᠠ ᠳᠤ ᠬᠡᠷᠬᠢᠨ ᠦᠪᠡᠷᠳᠡᠭᠡᠨ ᠬᠦᠬᠦᠨ ᠪᠤᠯᠴᠢᠷᠬᠠᠢ ᠶᠢ ᠪᠠᠶᠢᠴᠠᠭᠠᠬᠤ ᠶᠢ ᠵᠢᠭᠠᠵᠤ ᠦᠭᠪᠡ︾ ᠭᠡᠵᠦ ᠰᠠᠶ᠋ᠢᠬᠠᠨ ᠪᠠᠶᠢᠴᠠᠭᠠᠯᠲᠠ ᠪᠡᠶᠡᠯᠡᠭᠦᠯᠦᠭᠰᠡᠨ ᠸᠠᠩ ᠠᠨᠢᠶ᠎ᠠ ᠢᠯᠡᠷᠬᠡᠶᠢᠯᠡᠵᠦ᠂ ᠡᠶᠢᠮᠦᠷᠬᠦᠦ ︽ᠭᠡᠷ ᠤᠨ ᠡᠭᠦᠳᠡᠨ︾ ᠳᠠᠬᠢ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠨᠢ ᠲᠤᠰᠬᠠᠢ ᠮᠡᠷᠭᠡᠵᠢᠯ ᠤᠨ ᠮᠥᠷᠲᠡᠭᠡᠨ ᠬᠠᠯᠠᠭᠤᠨ ᠳᠤᠯᠠᠭᠠᠨ ᠪᠠᠶᠢᠳᠠᠭ᠃ ᠬᠥᠳᠡᠯᠵᠦ ᠪᠠᠷᠢᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠪᠥᠬᠦ ᠶᠠᠪᠤᠴᠠ ᠳᠤ ᠲᠦᠰᠢᠵᠦ ᠬᠥᠲᠥᠯᠥᠨ ᠵᠢᠯᠣᠭᠤᠳᠬᠤ᠂ ᠭᠠᠷᠳᠠᠮ ᠢ ᠣᠷᠣᠯᠠᠨ ᠭᠦᠢᠴᠡᠳᠬᠡᠬᠦ ᠵᠡᠷᠭᠡ ᠥᠪᠡᠷᠮᠢᠴᠡ ᠦᠢᠯᠡᠴᠢᠯᠡᠭᠡ  ᠬᠠᠩᠭᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠭᠰᠢᠨ ᠪᠠᠶᠢᠴᠠᠭᠠᠯᠲᠠ ᠳᠤ ᠢᠯᠡᠷᠡᠭᠦᠯᠦᠭᠰᠡᠨ 12 ᠬᠡᠪ ᠤᠨ ᠪᠤᠰᠤ ᠪᠠᠶᠢᠳᠠᠯ ᠢ ᠴᠥᠮ ᠮᠥᠷᠳᠡᠨ ᠦᠢᠯᠡᠴᠢᠯᠡᠬᠦ ᠲᠣᠭᠲᠠᠴᠠ ᠶᠢ ᠡᠬᠢᠯᠡᠭᠦᠯᠵᠦ᠂ ᠲᠤᠰᠬᠠᠶ ᠮᠡᠷᠭᠡᠵᠢᠯ ᠤᠨ ᠡᠮᠴᠢ ᠠᠴᠠ ᠳᠠᠬᠢᠨ ᠪᠠᠶᠢᠴᠠᠭᠠᠵᠤ ᠵᠢᠭᠠᠨ ᠵᠢᠯᠣᠭᠤᠳᠪᠠ᠃ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠡᠮᠨᠡᠯᠭᠡ ᠶᠢᠨ ᠬᠤᠷᠢᠶ᠎ᠠ ᠨᠡᠶᠢᠭᠡᠮ ᠲᠤᠭᠤᠷᠢᠭ ᠬᠤᠯᠪᠣᠭᠠᠯᠠᠨ ᠬᠥᠳᠡᠯᠦᠯᠴᠡᠬᠦ︾ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠷᠢᠯ ᠪᠦᠷᠢ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ᠂ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ ᠭᠡᠵᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号