ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ | 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠮᠠᠯᠠᠶᠢᠰᠢᠶ᠎ᠠ ᠶᠢᠨ | ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠭᠤᠯᠵᠠᠪᠠ᠃ | 4 ᠰᠠᠷ᠎ᠠ ᠶᠢᠨ ᠺᠤᠸᠠᠯᠠ ᠯᠦᠮᠫᠦ᠋ᠷ ᠲᠤ ᠨᠠᠷᠠᠠ ᠳᠤᠯᠠᠶᠢᠵᠤ᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃ | ᠢᠪᠦ᠋ᠯᠠᠰᠢᠨ ᠤᠯᠤᠰ ᠤᠨ ᠸᠠᠩ ᠤᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠦᠪᠡᠳᠡᠭᠰᠢ | ᠶᠡᠭᠡ ᠶᠣᠰᠣᠯᠠᠯ ᠶᠠᠪᠤᠭᠤᠯᠪᠠ᠃ | ᠰᠢ ᠶᠢᠨ ᠫᠢᠩ ᠲᠡᠷᠭᠡ ᠪᠠᠷ ᠬᠦᠷᠴᠦ ᠢᠷᠡᠬᠦ ᠳᠤ ᠢᠪᠦ᠋ᠯᠠᠰᠢᠨ ᠪᠣᠯᠣᠨ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ | ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠵᠤ ᠠᠪᠤᠪᠠ᠃ ᠬᠤᠶᠠᠷ ᠤᠯᠤᠰ ᠤᠨ ᠲᠡᠷᠢᠭᠦᠨ ᠰᠢᠯᠭᠠᠨ | ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠪᠠ᠃ ᠰᠢ ᠶᠢᠨ ᠫᠢᠩ | ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ ᠤᠯᠤᠰ ᠤᠨ ᠸᠠᠩ ᠤᠨ ᠣᠷᠳᠣᠨ ᠤ ᠶᠡᠭᠡ | ᠲᠢᠩᠬᠢᠮ ᠳᠤ ᠣᠷᠣᠵᠤ᠂ ᠬᠤᠶᠠᠷ ᠲᠠᠯ᠎ᠠ ᠶᠢᠨ ᠪᠡᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠪᠡ᠃ | ᠤᠭᠲᠤᠬᠤ ᠶᠣᠰᠣᠯᠠᠯ ᠤᠨ ᠲᠠᠷᠠᠭ᠎ᠠ ᠰᠢ ᠶᠢᠨ ᠫᠢᠩ ᠢᠪᠦ᠋ᠯᠠᠰᠢᠨ ᠲᠠᠢ ᠠᠭᠤᠯᠵᠠᠪᠠ᠃ | | | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ | ᠮᠠᠯᠠᠶᠢᠰᠢᠶ᠎ᠠ ᠶᠢᠨ ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ ᠲᠠᠢ ᠠᠭᠤᠯᠵᠠᠪᠠ᠃ ᠵᠢᠷᠤᠭ ᠪᠣᠯ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | | ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠠᠶᠢᠰᠢᠶ᠎ᠠ ᠪᠣᠯ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ | ᠬᠠᠨᠢᠲᠠᠨ ᠮᠥᠨ᠂ ᠦᠷᠭᠦᠯᠵᠢ ᠶᠠᠪᠤᠯᠴᠠᠵᠤ᠂ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ᠃ ᠬᠤᠶᠠᠷ ᠤᠯᠤᠰ ᠤᠨ | ᠬᠠᠷᠢᠯᠴᠠᠭ᠎ᠠ ᠰᠦᠷ ᠳᠠᠯᠠᠶᠢᠴᠠᠲᠠᠢ ᠬᠠᠭᠠᠰ ᠵᠠᠭᠤᠨ ᠢ ᠥᠩᠭᠡᠷᠡᠭᠡᠵᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠤᠭᠲᠤᠵᠤ | ᠪᠠᠶᠢᠨ᠎ᠠ᠃ ᠪᠢ ᠳᠤᠷᠠᠲᠠᠶ᠎ᠠ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ | ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ | ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠵᠤ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠯᠬᠦᠮᠳᠡᠨ | ᠬᠠᠮᠲᠤᠷᠠᠯᠴᠠᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ | ᠠᠯᠳᠠᠨ 50 ᠵᠢᠯ︾ ᠢ ᠨᠡᠭᠡᠭᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠶ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠶ᠎ᠠ᠃ ︽ᠬᠤᠶᠠᠷ | ᠤᠯᠤᠰ ᠤᠨ ᠬᠤᠣᠰ ᠬᠦᠷᠢᠶᠡᠯᠡᠩ︾᠂ ᠵᠡᠭᠦᠨ ᠳᠠᠯᠠᠢ ᠶᠢᠨ ᠡᠷᠭᠢ ᠶᠢᠨ ᠲᠡᠮᠦᠷ ᠵᠠᠮ ᠵᠡᠷᠭᠡ ᠴᠢᠬᠤᠯᠠ ᠶᠡᠭᠡ ᠲᠥᠷᠥᠯ | ᠵᠦᠢᠯ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ | ᠦᠭᠡᠢ ᠠᠵᠤ ᠠᠬᠤᠢ ᠵᠡᠷᠭᠡ ᠢᠷᠡᠭᠡᠳᠦᠢ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠱᠠᠯᠠᠪᠳᠠᠨ ᠪᠣᠶᠢᠵᠢᠭᠤᠯᠤᠶ᠎ᠠ᠃ | ᠮᠠᠯᠠᠶᠢᠰᠢᠶ᠎ᠠ ᠶᠢᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠣᠷᠣᠵᠤ ᠢᠷᠡᠬᠦ ᠶᠢ ᠳᠤᠮᠳᠠᠳᠤ ᠤᠯᠤᠰ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠠᠵᠤ | ᠠᠬᠤᠶᠢᠯᠠᠯ ᠤᠨ ᠮᠠᠯᠠᠶᠢᠰᠢᠶ᠎ᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠳᠤᠷᠠᠲᠠᠶ᠎ᠠ ᠮᠠᠯᠠᠶᠢᠰᠢᠶ᠎ᠠ ᠶᠢᠨ ᠬᠢᠨ ᠲᠠᠢ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ | ᠶᠢ ᠠᠬᠢᠭᠤᠯᠵᠤ᠂ ᠨᠠᠩ ᠣᠯᠠᠨ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠥᠷᠨᠢᠭᠦᠯᠵᠦ᠂ | ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠨᠡᠮᠡᠭᠳᠡᠭᠦᠯᠦᠨ᠎ᠡ᠃ ᠳᠤᠮᠳᠠᠳᠤ ᠶᠢᠨ ᠬᠢᠨ | ᠮᠠᠯᠠᠶᠢᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠬᠦ ᠶᠢ ᠳᠡᠮᠵᠢᠵᠦ᠂ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠶᠢᠨ ᠬᠢᠨ ᠲᠠᠢ ᠬᠠᠮᠲᠤ ᠪᠠᠷ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠬᠤᠯᠪᠤᠭᠠᠯᠠᠨ ᠬᠦᠴᠦᠷᠬᠡᠭᠵᠢᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠭᠠᠵᠠᠷ ᠣᠷᠣᠨ ᠪᠣᠯᠣᠨ | ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠣᠯᠣᠨ ᠢᠳᠡᠪᠬᠢ ᠬᠦᠴᠦᠨ ᠬᠠᠩᠭᠠᠨ᠎ᠠ ᠭᠡᠵᠦ ᠴᠢᠬᠤᠯᠠᠴᠢᠯᠠᠪᠠ᠃ | | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ | ᠮᠠᠯᠠᠶᠢᠰᠢᠶ᠎ᠠ ᠶᠢᠨ ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | | ᠢᠪᠦ᠋ᠯᠠᠰᠢᠨ᠂ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠪᠣᠯ ᠬᠤᠶᠠᠷ ᠤᠯᠤᠰ ᠤᠨ ᠬᠠᠷᠢᠯᠴᠠᠭᠠᠨ ᠤ ᠨᠢᠭᠡᠨ ᠲᠣᠮᠣ ᠶᠠᠪᠤᠳᠠᠯ ᠪᠠᠶᠢᠵᠤ᠂ ᠮᠠᠯᠠᠶᠢᠰᠢᠶ᠎ᠠ ᠳᠤᠮᠳᠠᠳᠤ ᠶᠢᠨ ᠬᠠᠷᠢᠯᠴᠠᠭᠠᠨ ᠤ | ᠥᠨᠳᠥᠷ ᠲᠦᠪᠰᠢᠨ ᠢ ᠭᠦᠢᠴᠡᠳ ᠬᠠᠷᠠᠭᠤᠯᠵᠤ ᠪᠠᠶᠢᠨ᠎ᠠ᠃ ᠪᠢ ᠨᠢᠳᠤᠨᠤᠨ ᠤ 9 ᠰᠠᠷ᠎ᠠ ᠳᠤ ᠳᠤᠮᠳᠠᠳᠤ ᠤᠯᠤᠰ ᠲᠤ | ᠠᠮᠵᠢᠯᠲᠠ ᠲᠠᠢ ᠪᠠᠷ ᠠᠶᠢᠯᠴᠢᠯᠠᠬᠰᠠᠨ ᠢᠶᠠᠨ ᠤᠳᠤ ᠪᠤᠯᠲᠠᠯ᠎ᠠ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ ᠲᠡᠷᠢᠭᠦᠯᠡᠭᠴᠢ ᠰᠢ | ᠶᠢᠨ ᠫᠢᠩ ᠤᠨ ᠲᠤᠰ ᠤᠳᠠᠭ᠎ᠠ ᠶᠢᠨ ᠮᠠᠯᠠᠶᠢᠰᠢᠶ᠎ᠠ ᠳᠠᠬᠢ ᠠᠶᠢᠯᠴᠢᠯᠠᠯᠲᠠ ᠨᠢ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ | ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠥᠷᠨᠢᠩᠭᠦᠢ ᠬᠥᠭᠵᠢᠯᠲᠡ ᠶᠢ ᠠᠬᠢᠭᠤᠯᠬᠤ ᠶᠢ | ᠢᠲᠡᠭᠡᠵᠦ ᠪᠠᠶᠢᠨ᠎ᠠ᠃ ᠳᠤᠮᠳᠠᠳᠤ ᠤᠯᠤᠰ ᠬᠥᠮᠥᠰ ᠢ ᠱᠠᠬᠰᠢᠭᠤᠯᠤᠮᠠ ᠬᠥᠭᠵᠢᠯᠲᠡ ᠶᠢᠨ ᠠᠮᠵᠢᠯᠲᠠ ᠪᠦᠳᠦᠮᠵᠢ ᠣᠯᠣᠭᠰᠠᠨ | ᠨᠢ ᠲᠡᠷᠢᠭᠦᠯᠡᠭᠴᠢ ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠪᠠ ᠳᠤᠮᠳᠠᠳᠤ ᠤᠯᠤᠰ ᠤᠨ ᠠᠷᠠᠳ | ᠲᠦᠮᠡᠨ ᠤ ᠰᠢᠷᠭᠠᠭᠤ ᠭᠦᠳᠡᠯᠮᠦᠷᠢ ᠠᠴᠠ ᠪᠣᠯᠤᠭᠰᠠᠨ ᠶᠤᠮ᠃ ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠯᠡᠬᠡᠢ ᠶᠢᠨ ᠪᠠᠶᠢᠳᠠᠯ ᠳᠤ ᠶᠠᠭᠠᠬᠢᠵᠤ ᠬᠤᠪᠢᠷᠠᠯᠲᠠ | ᠭᠠᠷᠤᠭᠰᠠᠨ ᠴᠤ ᠴᠥᠮ ᠭᠠᠷ ᠬᠤᠯᠪᠣᠨ ᠬᠠᠮᠲᠤ ᠪᠠᠷ ᠤᠷᠤᠭᠰᠢᠯᠠᠨ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ | ᠬᠦᠷᠲᠡᠵᠦ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠠᠯᠠᠶᠢᠰᠢᠶ᠎ᠠ ᠶᠢᠨ ᠲᠠᠯ᠎ᠠ ᠶᠢᠨ ᠬᠢᠨ ᠣᠷᠣᠨ ᠪᠦᠰᠡ ᠶᠢᠨ ᠠᠵᠤ | ᠠᠬᠤᠢ ᠶᠢᠨ ᠨᠢᠭᠡ ᠴᠣᠭᠴᠠᠵᠢᠯᠲᠠ ᠶᠢ ᠴᠢᠬᠤᠯᠠᠴᠢᠯᠠᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠡᠷᠡᠰ | ᠲᠡᠮᠵᠢᠵᠥ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠲᠣᠭᠲᠠᠪᠤᠷᠢᠵᠢᠭᠤᠯᠵᠤ᠂ | ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠴᠢᠩᠭᠠᠳᠬᠠᠨ᠎ᠠ᠃ ᠣᠶᠢᠷ᠎ᠠ ᠳᠤ ᠳᠤᠮᠳᠠᠳᠤ ᠤᠯᠤᠰ ᠤᠨ ᠬᠤᠷᠠᠯᠳᠤᠭᠤᠯᠤᠭᠰᠠᠨ ᠲᠥᠪ ᠤᠨ ᠬᠥᠷᠰᠢ | ᠵᠡᠷᠭᠡᠯᠡᠳᠡᠭᠡ ᠶᠢᠨ ᠠᠵᠢᠯ ᠤᠨ ᠬᠤᠷᠠᠯ ᠢ ᠮᠠᠯᠠᠶᠢᠰᠢᠶ᠎ᠠ ᠶᠢᠨ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ | ᠪᠥᠮᠪᠥᠷᠴᠡᠭ ᠪᠣᠯᠣᠨ ᠭᠠᠵᠠᠷ ᠣᠷᠣᠨ ᠤ ᠥᠷᠢᠰᠦᠯᠳᠦᠭᠡᠨ ᠢ ᠠᠷᠭᠠᠴᠠᠭᠠᠬᠤ ᠳᠤ ᠦᠵᠡᠭᠦᠯᠭᠦ ᠳᠤᠮᠳᠠᠳᠤ ᠤᠯᠤᠰ ᠤᠨ | ᠴᠢᠬᠤᠯᠠ ᠦᠢᠯᠡᠳᠦᠯ ᠢ ᠴᠢᠬᠤᠯᠠᠴᠢᠯᠠᠨ ᠦᠵᠡᠪᠡ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ | ᠤᠯᠤᠰ ᠤᠨ ᠬᠠᠷᠢᠯᠴᠠᠭ᠎ᠠ ᠶᠢᠨ ᠵᠣᠬᠢᠴᠠᠭᠤᠯᠤᠭᠴᠢ ᠤᠯᠤᠰ ᠪᠣᠯᠤᠭᠰᠠᠨ ᠤ ᠬᠤᠪᠢ ᠳᠤ ᠮᠠᠯᠠᠶᠢᠰᠢᠶ᠎ᠠ ᠶᠢᠨ ᠬᠢᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠠᠷ ᠬᠦᠴᠦᠯᠡᠵᠦ᠂ ᠡᠩᠬᠡ ᠲᠠᠶᠢᠪᠤᠩ ᠬᠥᠭᠵᠢᠯ ᠴᠡᠴᠡᠭᠯᠡᠯ ᠤᠨ ᠢᠷᠡᠭᠡᠳᠦᠢ ᠶᠢ | ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ ᠰᠢ ᠶᠢᠨ ᠫᠢᠩ ᠢᠪᠦ᠋ᠯᠠᠰᠢᠨ ᠤ ᠡᠷᠭᠢᠯᠡᠭᠰᠡᠨ ᠤᠭᠲᠤᠬᠤ ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |