ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ᠂ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ | ᠸᠢᠶᠧᠲᠨᠠᠮ ᠤᠨ ︽ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ | ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ | ᠪᠢᠴᠢᠭᠯᠡᠶ᠎ᠡ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ | ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠨᠥᠬᠦᠷ ᠪᠣᠯᠣᠨ ᠸᠢᠶᠧᠲᠨᠠᠮ ᠤᠨ | ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠲᠨᠠᠮ ᠳᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ | ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ | ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧᠲᠨᠠᠮ ᠤᠨ ᠤᠳᠤᠷᠢᠳᠬᠤ ᠬᠥᠮᠥᠰ ᠲᠠᠢ ᠨᠥᠬᠦᠷᠯᠡᠯ ᠢᠶᠠᠨ ᠠᠭᠤᠵᠢᠷᠠᠲᠠᠯ᠎ᠠ | ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ | ᠪᠠᠶᠢᠨ᠎ᠠ᠃ | ᠳᠤᠮᠳᠠᠳᠤ ᠤᠯᠤᠰ ᠪᠣᠯᠣᠨ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ | ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ ᠶᠤᠮ᠃ | ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ ᠪᠠ ᠲᠤᠰ | ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ ᠤᠯᠤᠰ ᠤᠨ ᠠᠷᠠᠳ | ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ᠂ | ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠣᠨ᠎ᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠪᠠ᠃ ᠬᠤᠶᠠᠷ ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ ᠭᠦᠷᠦᠨ ᠢᠶᠠᠨ | ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ ᠺᠣᠯᠣᠨᠢᠴᠢᠯᠠᠬᠤ ᠦᠵᠡᠯ᠂ ᠡᠵᠡᠷᠬᠡᠭ ᠲᠦᠷᠢᠮᠡᠬᠡᠢ | ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ | ᠤᠯᠤᠰ ᠤᠨ ᠭᠤᠸᠠᠩᠵᠧᠦ ᠳᠠᠬᠢ ᠸᠢᠶᠧᠲᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ᠂ | ᠭᠤᠸᠠᠩᠰᠢ ᠶᠢᠨ ᠵᠢᠩᠰᠢ ᠶᠢᠨ ︽ᠸᠢᠶᠧᠲᠨᠠᠮ ᠤᠨ ᠬᠤᠯᠪᠤᠭ᠎ᠠ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ | ᠬᠠᠭᠤᠴᠢᠨ ᠪᠠᠭᠤᠷᠢ ᠪᠣᠯ ᠳᠤᠮᠳᠠᠳᠤ ᠸᠢᠶᠧᠲᠨᠠᠮ ᠤᠨ ᠬᠤᠪᠢᠰᠬᠠᠯ ᠤᠨ ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ᠃ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ ᠮᠢᠩ | ᠤᠷᠢᠳ ᠬᠤᠵᠢᠳ ᠶᠠᠨ ᠠᠨ᠂ ᠭᠦᠢᠯᠢᠨ᠂ ᠴᠦᠩᠴᠢᠩ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ ᠶᠠᠫᠤᠨ ᠢ | ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ | ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠲᠨᠠᠮ ᠤᠨ ᠠᠷᠠᠳ | ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ | ᠠᠷᠠᠳ ᠲᠦᠮᠡᠨ ᠸᠢᠶᠧᠲᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ ᠦᠢᠯᠡᠰ ᠢ | ᠪᠦᠭᠦ ᠬᠦᠴᠦ ᠪᠠᠷ ᠢᠶᠠᠨ ᠳᠡᠮᠵᠢᠪᠡ᠃ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ | ᠠᠬ᠎ᠠ ᠳᠡᠭᠦᠦ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ ᠲᠦᠷᠦ ᠶᠢᠨ | ᠢᠲᠡᠭᠡᠯᠴᠡᠭᠡ ᠠᠴᠠ ᠡᠭᠦᠰᠦᠯ ᠲᠠᠢ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ ᠱᠦᠵᠢ᠂ ᠰᠦ᠋ | ᠯᠢᠨ ᠶᠡᠷᠦᠩᠬᠡᠢ ᠱᠦᠵᠢ ᠵᠡᠷᠭᠡ ᠸᠢᠶᠧᠲᠨᠠᠮ ᠤᠨ ᠤᠳᠤᠷᠢᠳᠬᠤ ᠬᠥᠮᠥᠰ ᠲᠠᠢ ᠤᠯᠠᠨ ᠤᠳᠠᠭ᠎ᠠ ᠬᠠᠷᠢᠯᠴᠠᠨ ᠠᠶᠢᠯᠴᠢᠯᠠᠵᠤ᠂ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠴᠢᠭᠯᠡᠯ ᠢ ᠲᠣᠭᠲᠠᠭᠠᠨ | ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ | ᠬᠥᠳᠡᠯᠦᠯᠴᠡᠵᠦ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ | ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ | ᠰᠣᠯᠢᠯᠴᠠᠭ᠎ᠠ᠂ ᠬᠤᠶᠠᠷ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠪᠦᠲᠦᠮᠵᠢᠲᠡᠢ ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ | ᠪᠠᠶᠢᠭᠤᠯᠤᠮᠵᠢ ᠶᠢᠨ ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ᠂ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ | ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ | ᠠᠰᠠᠭᠤᠳᠠᠯ ᠳᠡᠭᠡᠷ᠎ᠡ ᠳᠤᠮᠳᠠᠳᠤ ᠸᠢᠶᠧᠲᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ ᠨᠢᠭᠲᠠ | ᠪᠠᠶᠢᠳᠠᠭ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠬᠠᠮᠲᠤᠷᠠᠯᠴᠠᠭᠠᠨ ᠤ | ᠰᠢᠮᠡᠲᠦ ᠬᠥᠷᠥᠰᠥᠨ ᠳᠤ ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ | ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧᠲᠨᠠᠮ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ 20 ᠭᠠᠷᠤᠢ ᠵᠢᠯ ᠳᠠᠷᠠᠭᠠᠯᠠᠨ ᠸᠢᠶᠧᠲᠨᠠᠮ ᠤᠨ ᠨᠢᠭᠡᠳᠦᠭᠡᠷ | ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 ᠣᠨ ᠳᠤ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ | ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ᠃ ᠳ᠋ᠦᠷᠢᠦ᠂ ᠨᠠᠷᠭᠢᠯ ᠵᠡᠷᠭᠡ ᠸᠢᠶᠧᠲᠨᠠᠮ ᠤᠨ ᠨᠡᠩ | ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ | ᠬᠤᠶᠠᠷ ᠤᠯᠤᠰ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠣᠶᠤᠨᠲᠤ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ | ᠡᠨᠧᠷᠭᠢ ᠶᠢᠨ ᠲᠥᠷᠥᠯ ᠵᠦᠢᠯ ᠨᠢ ᠸᠢᠶᠧᠲᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ | ᠵᠠᠮ ᠤᠨ 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ | ᠦᠵᠡᠭᠦᠯᠪᠡ᠃ ᠳᠤᠮᠳᠠᠳᠤ ᠸᠢᠶᠧᠲᠨᠠᠮ ᠬᠤᠶᠠᠷ ᠤᠯᠤᠰ ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ ᠠᠭᠤᠯᠭ᠎ᠠ ᠶᠢ | ᠠᠮᠢᠳᠤᠯᠢᠭ ᠢᠶᠠᠷ ᠲᠠᠶᠢᠯᠪᠤᠷᠢᠯᠠᠪᠠ᠃ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ | ᠰᠣᠯᠢᠯᠴᠠᠭ᠎ᠠ ᠪᠠᠷ ᠠᠭᠢᠭᠤᠯᠤᠬᠳᠠᠪᠠ᠃ ᠡᠳᠡᠭᠡᠷ ᠵᠢᠯ ᠤᠳ ᠲᠤ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ | ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ ᠤᠯᠤᠰ ᠤᠨ ᠠᠷᠠᠳ ᠲᠦᠮᠡᠨ ᠶᠠᠪᠤᠬᠤ ᠳᠤᠳᠤᠮ | ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧᠲᠨᠠᠮ ᠳᠤ ᠬᠦᠷᠴᠦ ᠵᠢᠭᠤᠯᠴᠢᠯᠠᠬᠰᠠᠳ 370 | ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ | ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ᠂ ︽ᠨᠢᠭᠡ ᠡᠳᠦᠷ | ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ | ᠲᠧᠯᠸᠢᠰ ᠤᠨ ᠪᠦᠲᠦᠭᠡᠯ᠂ ᠡᠯᠧᠺᠲᠷᠣᠨ ᠲᠣᠭᠯᠠᠭᠠᠮ ᠨᠢ ᠸᠢᠶᠧᠲᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ ᠰᠡᠳᠦᠪ | ᠪᠣᠯᠵᠤ᠂ ᠸᠢᠶᠧᠲᠨᠠᠮ ᠤᠨ ︽ᠬᠢᠲᠠᠳ ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ ᠸᠢᠶᠧᠲᠨᠠᠮ ᠤᠨ | ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ ᠮᠡᠳᠡᠭᠡ ᠪᠣᠯᠵᠤ᠂ | ᠾᠸᠹᠧᠨ ᠵᠡᠷᠭᠡ ᠸᠢᠶᠧᠲᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ ᠠᠷᠠᠳ ᠤᠯᠠᠨ ᠳᠤ | ᠲᠠᠭᠠᠰᠢᠶᠠᠭᠳᠠᠪᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ | ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ | ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ | 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ | ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ᠂ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ | ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ᠂ ᠵᠣᠬᠢᠶᠠᠮᠠᠯ ᠣᠶᠤᠨ | ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ ᠤᠯᠤᠰ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠬᠤ ᠶᠢ | ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢ | ᠠᠬᠢᠭᠤᠯᠤᠨ᠎ᠠ᠃ | ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ | ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ | ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠬᠥᠷᠰᠢ ᠵᠡᠷᠭᠡᠯᠡᠳᠡᠭᠡ ᠶᠢᠨ | ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ | ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ | ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ | ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ | ᠠᠬᠢᠴᠠ ᠶᠢ ᠬᠠᠮᠲᠤ ᠪᠠᠷ ᠠᠬᠢᠭᠤᠯᠤᠨ᠎ᠠ᠃ | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ | ᠪᠠᠶᠢᠨ᠎ᠠ᠃ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠵᠦ᠂ ᠨᠠᠮ | ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠪᠣᠯᠣᠨ᠎ᠠ᠃ ᠳᠤᠮᠳᠠᠳᠤ ᠤᠯᠤᠰ ᠸᠢᠶᠧᠲᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ | ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ᠃ ᠪᠢᠳᠡ ᠳᠤᠮᠳᠠᠳᠤ ᠸᠢᠶᠧᠲᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠠᠽᠢᠶ᠎ᠠ ᠲᠢᠪ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠶ᠎ᠡ᠃ | — ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ | ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠭᠤᠷᠣᠨᠳᠣᠭᠢ᠂ ᠵᠠᠰᠠᠭ ᠤᠨ ᠣᠷᠳᠣᠨ᠂ | ᠴᠡᠷᠢᠭ ᠠᠩᠭᠢ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ ᠮᠥᠴᠢᠷ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ | ᠠᠷᠭᠠᠴᠠᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ | ᠸᠢᠶᠧᠲᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ | ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ ᠪᠠᠶᠠᠯᠢᠭᠵᠢᠭᠤᠯᠵᠤ᠂ ᠬᠤᠶᠠᠷ ᠤᠯᠤᠰ ᠤᠨ | ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | — ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠦᠶ᠎ᠡ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ | ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠢᠭᠡᠳ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ | ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ ᠮᠡᠷᠭᠡᠵᠢᠯ ᠤᠨ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠸᠢᠶᠧᠲᠨᠠᠮ ᠤᠨ ᠤᠮᠠᠷᠠᠲᠤ | ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ | ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ ᠤᠯᠤᠰ ᠸᠢᠶᠧᠲᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ | ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠨᠡᠩ | ᠤᠯᠠᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ | ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ 5G᠂ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ | ᠨᠡᠩ ᠰᠠᠶᠢᠲᠤᠷ ᠪᠤᠶᠠᠨ ᠦᠢᠯᠡᠳᠦᠶ᠎ᠡ᠃ | — ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ | ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ | ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ ᠡᠰᠢᠲᠦ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠥᠷᠨᠢᠭᠦᠯᠦᠶ᠎ᠡ᠃ ᠳᠤᠮᠳᠠᠳᠤ ᠤᠯᠤᠰ ᠸᠢᠶᠧᠲᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ ᠭᠠᠵᠠᠷ ᠢᠶᠠᠷ | ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ ᠤᠯᠤᠰ ᠤᠨ | ᠵᠢᠭᠤᠯᠴᠢᠯᠠᠬᠰᠡᠳ ᠤᠨ ᠸᠢᠶᠧᠲᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠲᠯᠠᠨ ᠵᠢᠭᠤᠯᠴᠢᠯᠠᠬᠤ︾ ᠶᠢ | ᠵᠣᠷᠢᠭᠵᠢᠭᠤᠯᠤᠨ᠎ᠠ᠃ ᠳᠤᠮᠳᠠᠳᠤ ᠸᠢᠶᠧᠲᠨᠠᠮ ᠤᠨ ᠵᠠᠯᠠᠭᠤᠴᠤᠳ ᠤᠨ ᠨᠥᠭᠦᠷᠰᠡᠭ ᠠᠭᠤᠯᠵᠠᠯᠲᠠ᠂ ᠬᠢᠯᠢ ᠶᠢᠨ ᠠᠷᠠᠳ ᠤᠨ | ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ | ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ | ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ | ᠳᠠᠮᠵᠢᠭᠤᠯᠤᠶ᠎ᠠ᠃ | — ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ | ᠠᠬᠢᠭᠤᠯᠤᠶ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ | ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ | ᠠᠰᠢᠭ ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ ᠪᠣᠭᠤᠮᠲᠠ ᠶᠢᠨ ᠭᠠᠶᠢᠯᠢ ᠶᠢᠨ ᠲᠡᠶᠢᠨ ᠳᠤ ᠢᠯᠠᠭᠴᠢ ᠦᠭᠡᠢ᠂ | ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ | ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ | ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ ᠠᠽᠢᠶ᠎ᠠ ᠶᠢᠨ | ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠸᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ | ᠲᠣᠬᠲᠠᠭᠠᠯᠳᠤ ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ᠃ | — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠶ᠎ᠠ᠃ ᠳᠤᠮᠳᠠᠳᠤ ᠸᠢᠶᠧᠲᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ ᠤᠮᠠᠷᠠᠲᠤ ᠶᠢᠨ | ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ ᠠᠮᠵᠢᠯᠲᠠ ᠲᠠᠢ ᠦᠢᠯᠡᠳᠦᠯᠭᠡ ᠨᠢ᠂ ᠬᠤᠶᠠᠷ ᠲᠠᠯ᠎ᠠ ᠪᠠᠷ ᠢᠶᠠᠨ | ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠴᠢᠳᠠᠪᠤᠷᠢ᠂ | ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ | ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ | ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ | ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ | ᠮᠠᠷᠭᠤᠭᠠᠨ ᠢ ᠰᠢᠢᠳᠪᠦᠷᠢᠯᠡᠬᠦ ᠳᠤ ᠨᠥᠬᠦᠴᠡᠯ ᠬᠤᠷᠠᠮᠳᠤᠭᠤᠯᠤᠶ᠎ᠠ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ | ᠠᠵᠢᠯᠯᠠᠭᠠᠨ ᠤ ᠲᠤᠩᠬᠠᠭ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ ᠲᠠᠩᠭᠢᠰ ᠤᠨ | ᠠᠵᠢᠯᠯᠠᠭᠠᠨ ᠤ ᠪᠠᠷᠢᠮᠵᠢᠶ᠎ᠠ︾ ᠶᠢᠨ ᠵᠥᠪᠳᠡᠯᠴᠡᠭᠡ ᠶᠢ ᠢᠳᠡᠪᠬᠢᠲᠡᠢ ᠠᠬᠢᠭᠤᠯᠵᠤ᠂ ᠬᠠᠷᠰᠢᠯᠠᠯ ᠢ ᠠᠷᠢᠯᠭᠠᠵᠤ᠂ ᠠᠳᠠᠯᠢ | ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ᠂ | ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠶ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ | ᠭᠠᠷ ᠬᠤᠯᠪᠣᠨ ᠤᠷᠤᠭᠰᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠨ᠎ᠡ᠃ |