ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ | 15 ᠤ ᠡᠳᠦᠷ᠂ ᠺᠤᠸᠠᠯᠠ ᠯᠦᠮᠫᠦ᠋ᠷ ᠲᠤ ᠬᠦᠷᠴᠦ ᠮᠠᠯᠠᠶᠢᠰᠢᠶ᠎ᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠲᠠᠰᠢᠷᠠᠮ ᠢᠶᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ︽ᠣᠳᠣᠨ ᠲᠢᠪ ᠡᠳᠦᠷ ᠤᠨ ᠰᠣᠨᠢᠨ︾᠂ ︽ | ᠣᠳᠣᠨ ᠰᠣᠨᠢᠨ︾᠂ ︽ᠨᠡᠷᠡᠨ ᠭᠡᠷᠡᠯᠲᠦ ᠡᠳᠦᠷ ᠤᠨ ᠰᠣᠨᠢᠨ︾ ᠳᠤ ︽ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠤᠨ | ᠣᠩᠭᠤᠴᠠ ᠶᠢ ᠨᠠᠩ ᠰᠠᠶᠢᠨ ᠰᠠᠶᠢᠬᠠᠨ ᠢᠷᠡᠭᠡᠳᠦᠶ ᠲᠡᠶᠢᠰᠢ ᠠᠶᠠᠯᠠᠭᠤᠯᠤᠶ᠎ᠠ︾ ᠭᠡᠬᠦ ᠭᠠᠷᠴᠠᠭ ᠲᠠᠢ ᠨᠡᠷ᠎ᠡ ᠬᠠᠳᠠᠭᠰᠠᠨ | ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠤᠨ ᠣᠩᠭᠤᠴᠠ ᠶᠢ ᠨᠡᠩ ᠰᠠᠶᠢᠨ ᠰᠠᠶᠢᠬᠠᠨ ᠢᠷᠡᠭᠡᠳᠦᠶ ᠲᠡᠶᠢᠰᠢ | ᠠᠶᠠᠯᠠᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠬᠠᠭᠠᠨᠲᠠᠨ ᠤ ᠤᠷᠢᠯᠭ᠎ᠠ ᠪᠠᠷ᠂ ᠪᠢ ᠮᠠᠯᠠᠶᠢᠰᠢᠶ᠎ᠠ ᠳᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠤᠢ᠃ ᠡᠨᠡ ᠪᠣᠯ ᠮᠢᠨᠦ 12 ᠵᠢᠯ ᠤᠨ ᠲᠠᠷᠠᠭ᠎ᠠ ᠡᠨᠡ ᠬᠦ | ᠦᠵᠡᠰᠭᠦᠯᠡᠩᠲᠦ ᠰᠠᠶᠢᠬᠠᠨ ᠤᠯᠤᠰ ᠲᠤ ᠳᠠᠬᠢᠨᠲᠠ ᠠᠶᠢᠯᠴᠢᠯᠠᠬᠤ ᠶᠠᠪᠤᠳᠠᠯ ᠪᠣᠯᠤᠨ᠎ᠠ᠃ ᠮᠠᠯᠠᠶᠢᠰᠢᠶ᠎ᠠ ᠶᠢᠨ ᠰᠢᠨ᠎ᠡ | ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠮᠠᠯᠠᠶᠢᠰᠢᠶ᠎ᠠ ᠶᠢᠨ ᠨᠠᠶᠢᠵᠠ ᠨᠠᠷ ᠲᠠᠢ ᠨᠥᠬᠦᠷᠯᠡᠯ ᠢᠶᠠᠨ | ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠬᠤ ᠶᠢ ᠪᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ ᠲᠠᠯᠠᠢ ᠲᠡᠩᠬᠢᠰ ᠠᠯᠤᠰᠯᠠᠨ ᠰᠠᠭᠤᠬᠰᠠᠨ ᠨᠥᠬᠦᠷᠰᠡᠭ ᠬᠥᠷᠰᠢ ᠤᠯᠤᠰ | ᠪᠣᠯᠤᠨ᠎ᠠ᠃ ᠳᠠᠯᠠᠢ ᠳᠡᠭᠡᠷᠡᠬᠢ ᠲᠣᠷᠭᠠᠨ ᠵᠠᠮ ᠨᠢ ᠬᠤᠶᠠᠷ ᠤᠯᠤᠰ ᠤᠨ ᠮᠢᠩᠭᠠᠨ ᠤᠨ ᠢ ᠰᠤᠨᠳᠠᠯᠠᠭᠰᠠᠨ ᠨᠥᠬᠦᠷᠰᠡᠭ | ᠶᠠᠪᠤᠯᠴᠠᠭ᠎ᠠ ᠶᠢ ᠭᠡᠷᠡᠴᠢᠯᠡᠵᠦ᠂ ︽ᠤᠰᠤ ᠶᠢ ᠲᠠᠰᠤᠯᠵᠤ ᠲᠡᠶᠢᠯᠦᠰᠢ ᠦᠭᠡᠢ︾ ᠦᠶ᠎ᠡ ᠶᠢᠨ ᠦᠶ᠎ᠡ ᠶᠢᠨ ᠨᠥᠬᠦᠷᠯᠡᠯ ᠨᠢ | ᠲᠡᠦᠬᠡ ᠶᠢᠨ ᠬᠤᠪᠢᠰᠤᠯᠲᠠ ᠶᠢ ᠳᠠᠭᠠᠯᠳᠤᠨ ᠤᠯᠠᠮ ᠠᠴᠠ ᠤᠯᠠᠮ ᠭᠦᠨ ᠵᠤᠵᠠᠭᠠᠨ ᠪᠣᠯᠵᠠᠢ᠃ 1300 ᠭᠠᠷᠤᠶ ᠵᠢᠯ ᠤᠨ | ᠡᠮᠦᠨ᠎ᠡ᠂ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠶᠢᠨ ᠢ ᠵᠢᠩ ᠨᠣᠮᠴᠢ ᠲᠡᠯᠡᠶ ᠭᠠᠲᠤᠯᠵᠤ ᠨᠤᠮ ᠵᠠᠯᠠᠬᠤ ᠳᠠᠭᠠᠨ | ᠮᠠᠯᠠᠶ ᠬᠤᠶᠢᠭ ᠢᠶᠠᠷ ᠥᠩᠭᠡᠷᠡᠵᠤ ᠠᠩᠬ᠎ᠠ ᠤᠳᠠᠭ᠎ᠠ ᠥᠰᠥᠭ ᠪᠢᠴᠢᠭ ᠢᠶᠠᠷ ᠡᠷᠲᠡᠨ ᠤ ᠺᠢᠲᠨ ᠸᠠᠩᠲᠤ ᠤᠯᠤᠰ ᠤᠨ | ᠲᠡᠦᠬᠡ ᠶᠢ ᠲᠡᠮᠳᠡᠭᠯᠡᠪᠡ᠃ 600 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠮᠢᠩ ᠤᠯᠤᠰ ᠤᠨ ᠦᠶ᠎ᠡ ᠶᠢᠨ | ᠳᠠᠯᠠᠶᠢᠴᠢᠨ ᠵᠧᠩ ᠾᠧ 7 ᠤᠳᠠᠭ᠎ᠠ ᠠᠯᠤᠰ ᠲᠠᠯᠠᠢ ᠪᠠᠷ ᠠᠶᠠᠯᠠᠬᠤ ᠳᠠᠭᠠᠨ ᠮᠠᠯᠠᠺᠠ ᠳᠤ 5 ᠤᠳᠠᠭ᠎ᠠ ᠠᠶᠢᠯᠴᠢᠯᠠᠵᠤ᠂ ᠡᠩᠬᠡ | ᠲᠠᠶᠢᠪᠤᠩ ᠨᠥᠬᠦᠷᠯᠡᠯ ᠤᠨ ᠦᠷ᠎ᠡ ᠶᠢ ᠰᠠᠴᠤᠵᠤ᠂ ᠮᠠᠯᠠᠺᠠ ᠶᠢᠨ ᠰᠠᠨ ᠪᠦᠦ ᠮᠢᠶᠣᠣ ᠰᠦᠮ᠎ᠡ᠂ ᠰᠠᠨ ᠪᠦᠦ ᠱᠠᠨ ᠠᠭᠤᠯᠠ᠂ | ᠰᠠᠨ ᠪᠦᠦ ᠵᠢᠩ ᠬᠤᠳᠳᠤᠭ ᠲᠤ ᠲᠤᠬᠠᠢ ᠶᠢᠨ ᠭᠠᠵᠠᠷ ᠤᠨ ᠠᠷᠠᠳ ᠲᠦᠮᠡᠨ ᠤ ᠵᠧᠩ ᠾᠧ ᠶᠢᠨ ᠲᠤᠬᠠᠢ ᠭᠦᠨ | ᠮᠥᠷᠥᠭᠡᠳᠦᠯ ᠢ ᠠᠴᠢᠶᠡᠯᠡᠵᠤ ᠪᠠᠶᠢᠨ᠎ᠠ᠃ 80 ᠭᠠᠷᠤᠢ ᠵᠢᠯ ᠤᠨ ᠡᠮᠦᠨ᠎ᠡ᠂ ᠮᠠᠯᠠᠶᠢᠰᠢᠶ᠎ᠠ ᠶᠢᠨ ᠡᠮᠦᠨᠡᠲᠦ ᠲᠠᠯᠠᠢ ᠶᠢᠨ | ᠲᠤᠮᠳᠠᠳᠤ ᠶᠢᠨ ᠬᠠᠷᠢᠶᠠᠲᠤ ᠨᠠᠷ ᠤᠨ ᠮᠠᠰᠢᠨ ᠤ ᠠᠵᠢᠯᠴᠢᠳ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ | ᠡᠰᠡᠷᠭᠦᠴᠡᠬᠦ ᠲᠠᠶᠢᠨ ᠤ ᠵᠠᠩᠭᠢᠯᠠᠭ᠎ᠠ ᠶᠢᠨ ᠦᠶ᠎ᠡ ᠳᠤ ᠶᠦᠨᠨᠠᠨ ᠳᠤ ᠬᠦᠷᠴᠦ᠂ ᠶᠦᠨᠨᠠᠨ ᠪᠢᠷᠮᠠ ᠶᠢᠨ ᠵᠠᠰᠠᠮᠠᠯ ᠵᠠᠮ ᠭᠡᠬᠦ ᠡᠨᠡ | ᠬᠦ ᠠᠮᠢᠨ ᠰᠤᠳᠠᠰᠤ ᠪᠤᠯᠤᠬᠰᠠᠨ ᠵᠠᠮ ᠱᠤᠭᠤᠮ ᠢ ᠬᠠᠪᠰᠤᠷᠤᠨ ᠨᠡᠪᠲᠡᠷᠡᠭᠦᠯᠪᠡ᠃ ᠡᠳᠡᠭᠡᠷ ᠲᠠᠭᠤᠷᠢᠰᠬᠠᠯ ᠨᠢ ᠣᠳᠣ ᠪᠣᠯᠲᠠᠯ᠎ᠠ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠠᠷᠠᠳ ᠲᠦᠮᠡᠨ ᠤ ᠳᠤᠮᠳᠠ ᠥᠷᠭᠡᠨ ᠢᠶᠠᠷ ᠤᠯᠠᠮᠵᠢᠯᠠᠭᠳᠠᠭᠰᠠᠭᠠᠷ ᠪᠠᠶᠢᠨ᠎ᠠ᠃ | ᠥᠨᠥᠳᠦᠷ ᠤᠨ ᠶᠠᠪᠤᠳᠠᠯ ᠠᠴᠠ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ | ᠬᠠᠮᠲᠤ ᠪᠠᠷ ᠴᠢᠷᠮᠠᠶᠢᠵᠤ᠂ ᠡᠨᠡ ᠬᠦ ᠲᠡᠦᠬᠡ ᠶᠢᠨ ᠤᠷᠳᠤ ᠤᠷᠤᠰᠬᠠᠯ ᠲᠠᠭᠠᠵᠤ ᠠᠶᠠᠯᠠᠨ ᠢᠷᠡᠭᠰᠡᠨ ᠨᠥᠬᠦᠷᠯᠡᠯ ᠤᠨ | ᠣᠩᠭᠤᠴᠠ ᠳᠤ ᠲᠠᠬᠢᠨ ᠬᠥᠳᠡᠯᠭᠡᠬᠦ ᠬᠦᠴᠦᠨ ᠨᠡᠮᠡᠷᠢᠯᠡᠵᠦ᠂ ᠯᠠᠪᠳᠠᠭᠤᠨ ᠢᠶᠠᠷ ᠬᠤᠯᠠ ᠠᠶᠠᠯᠠᠭᠤᠯᠤᠶ᠎ᠠ᠃ | ᠪᠢᠳᠡ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢᠨ ᠤᠩᠭᠤᠴᠠᠨ ᠤ ᠵᠠᠯᠠᠭᠤᠷ ᠢ ᠪᠠᠲᠤ ᠡᠵᠡᠮᠳᠡᠶ᠎ᠡ᠃ 51 | ᠵᠢᠯ ᠤᠨ ᠡᠮᠦᠨ᠎ᠡ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠳᠤᠷᠢᠳᠬᠤ ᠬᠥᠮᠦᠨ ᠬᠦᠢᠳᠡᠨ ᠲᠠᠶᠢᠨ ᠤ ᠤᠨᠢᠶᠠᠷ | ᠬᠦᠳᠡᠩ ᠢ ᠰᠢᠪᠲᠤᠯᠤᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠪᠠᠷ ᠲᠣᠭᠲᠠᠵᠤ᠂ ᠳᠤᠮᠳᠠᠳᠤ ᠤᠯᠤᠰ ᠪᠣᠯᠤᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ ᠬᠠᠷᠢᠯᠴᠠᠭ᠎ᠠ ᠶᠢᠨ ᠵᠠᠮ ᠢ ᠨᠡᠭᠡᠭᠡᠪᠠ᠃ | ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠢᠮᠠᠭᠲᠠ ᠪᠠᠶᠢᠯᠳᠤᠬᠤ | ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠳᠤ ᠰᠠᠭᠤᠷᠢᠯᠠᠵᠤ᠂ ᠲᠤᠰ ᠲᠤᠰ ᠤᠨ ᠢᠶᠠᠨ ᠬᠥᠭᠵᠢᠯᠲᠡ ᠶᠢᠨ ᠵᠠᠮ ᠢ ᠬᠦᠨᠳᠦᠳᠭᠡᠵᠦ᠂ | ᠨᠦᠬᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ | ᠲᠠᠯ᠎ᠠ ᠪᠠᠷ ᠬᠠᠷᠢᠯᠴᠠᠨ ᠲᠡᠮᠵᠢᠵᠥ᠂ ᠤᠯᠤᠰ ᠪᠣᠯᠤᠨ ᠤᠯᠤᠰ ᠤᠨ ᠬᠠᠷᠢᠯᠴᠠᠨ ᠠᠮᠵᠢᠯᠲᠠ ᠤᠯᠬᠤ᠂ ᠬᠠᠮᠲᠤᠷᠠᠯᠴᠠᠭ᠎ᠠ ᠬᠢᠵᠦ | ᠬᠠᠮᠲᠤ ᠪᠠᠷ ᠠᠰᠢᠭ ᠬᠦᠷᠳᠡᠬᠦ ᠬᠡᠪ ᠳᠠᠭᠤᠷᠢᠶᠠᠯ ᠢ ᠪᠤᠢ ᠪᠣᠯᠭᠠᠪᠠ᠃ 2023 ᠣᠨ ᠳᠤ᠂ ᠪᠢ ᠶᠡᠷᠦᠩᠬᠡᠢ ᠰᠠᠶᠢᠳ | ᠠᠨᠸᠠᠷ ᠯᠤᠭ᠎ᠠ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ | ᠴᠢᠬᠤᠯᠠ ᠬᠠᠮᠲᠤ ᠶᠢᠨ ᠲᠠᠨᠢᠯᠲᠠ ᠲᠠᠢ ᠪᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠡᠦᠬᠡ ᠶᠢᠨ ᠰᠢᠨ᠎ᠡ ᠬᠠᠭᠤᠳᠠᠰᠤ ᠶᠢ | ᠨᠡᠭᠡᠭᠡᠪᠡ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠨᠢᠭᠲᠠᠷᠠᠭᠤᠯᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠤᠶ᠎ᠡ᠃ | ᠪᠢᠳᠠ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠦᠶ᠎ᠡ᠃ 2024 ᠣᠨ ᠳᠤ᠂ | ᠳᠤᠮᠳᠠᠳᠤ ᠮᠠᠯᠠᠶᠢᠰᠢᠶ᠎ᠠ ᠶᠢᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2120 ᠳ᠋ᠦᠩᠰᠢᠭᠤᠷ ᠳ᠋ᠣᠯᠯᠠᠷ ᠲᠤ ᠬᠦᠷᠴᠦ᠂ | ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠬᠤ ᠦᠶ᠎ᠡ ᠶᠢᠨ ᠬᠢ ᠠᠴᠠ ᠮᠢᠩᠭᠠᠨ ᠲᠠᠬᠢᠨ ᠰᠢᠬᠠᠮ ᠨᠡᠮᠡᠭᠳᠡᠵᠦ᠂ ᠳᠤᠮᠳᠠᠳᠤ | ᠤᠯᠤᠰ 16 ᠵᠢᠯ ᠳᠠᠷᠠᠭᠠᠯᠠᠨ ᠮᠠᠯᠠᠶᠢᠰᠢᠶ᠎ᠠ ᠶᠢᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠣᠯᠪᠠ᠃ ᠮᠠᠯᠠᠶᠢᠰᠢᠶ᠎ᠠ ᠶᠢᠨ | ᠰᠢᠨ᠎ᠠ ᠰᠤᠷᠭᠤᠭ ᠳ᠋ᠦᠷᠢᠤ ᠨᠢ ᠨᠢᠭᠡ ᠡᠳᠦᠷ ᠤᠨ ᠳᠣᠲᠣᠷ᠎ᠠ ᠵᠢᠮᠢᠰ ᠤᠨ ᠬᠦᠷᠢᠶᠡᠯᠡᠩ ᠠᠴᠠ ᠳᠤᠮᠳᠠᠳᠤ ᠤᠯᠤᠰ ᠤᠨ ᠬᠠᠮ | ᠳᠡᠯᠭᠡᠭᠦᠷ ᠲᠤ ᠬᠦᠷᠴᠦ ᠳᠡᠶᠢᠯᠬᠦ ᠪᠤᠯᠵᠤ᠂ ᠳᠤᠮᠳᠠᠳᠤ ᠤᠯᠤᠰ ᠤᠨ ᠠᠷᠠᠳ ᠣᠯᠠᠨ ᠳᠤ ᠮᠠᠰᠢ ᠲᠠᠭᠠᠰᠢᠶᠠᠭᠳᠠᠪᠠ᠃ | ᠮᠠᠯᠠᠶᠢᠰᠢᠶ᠎ᠠ ᠳᠤᠮᠳᠠᠳᠤ ᠤᠯᠤᠰ ᠤᠨ ᠭᠤᠸᠠᠨ ᠳ᠋ᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠡᠶᠢᠳᠡ 110 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠳᠤ | ᠣᠷᠣᠬᠤ ᠲᠦᠷᠦᠯ ᠵᠦᠢᠯ ᠪᠦᠬᠦᠨ ᠢᠶᠠᠷ ᠢᠶᠠᠨ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ ᠳᠠᠷᠠᠭ᠎ᠠ ᠮᠠᠰᠢ ᠤᠯᠠᠨ | ᠤᠷᠳᠤ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠪᠣᠯᠤᠨ᠎ᠠ᠃ ᠬᠤᠶᠠᠷ ᠤᠯᠤᠰ ᠤᠨ | ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠬᠥᠭᠵᠢᠯᠲᠡ᠂ ᠠᠵᠤ ᠦᠢᠯᠡᠰ ᠤᠨ ᠪᠠᠯᠠ ᠣᠷᠣᠭᠤᠯᠤᠯᠲᠠ᠂ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ | ᠳᠠᠯᠳᠠ ᠬᠦᠴᠦᠨ ᠲᠠᠰᠤᠷᠠᠯᠲᠠ ᠥᠬᠡᠶ ᠪᠠᠳᠠᠷᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠶ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ | ᠪᠠᠶᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ ᠳᠠᠯᠠᠢ ᠳᠠᠩᠬᠢᠰ ᠤᠨ ᠠᠵᠤ ᠠᠬᠤᠶ᠂ | ᠵᠢᠭᠤᠯᠴᠢᠯᠠᠯ ᠤᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠤᠤᠯᠳᠠᠯᠭ᠎ᠠ ᠲᠠᠢ ᠠᠬᠢᠭᠤᠯᠵᠤ᠂ ᠲᠣᠰ ᠲᠣᠰ ᠤᠨ | ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭᠠᠨ ᠤ ᠣᠩᠭᠤᠴᠠᠨ ᠤ ᠰᠡᠯᠢᠭᠦᠷ ᠢ ᠰᠠᠶᠢᠲᠤᠷ ᠰᠡᠯᠢᠶᠡ᠃ ᠳᠤᠮᠳᠠᠳᠤ | ᠤᠯᠤᠰ ᠪᠣᠯᠤᠨ ᠮᠠᠯᠠᠶᠢᠰᠢᠶ᠎ᠠ ᠬᠠᠷᠢᠯᠴᠠᠨ ᠨᠥᠭᠦᠭᠡ ᠤᠯᠤᠰ ᠤᠨ ᠢᠶᠠᠨ ᠠᠷᠠᠳ ᠢᠷᠭᠡᠨ ᠳᠤ ᠸᠢᠰᠠ ᠶᠢ ᠬᠡᠯᠲᠦᠷᠢᠭᠦᠯᠬᠦ | ᠬᠠᠷᠠᠭᠠᠯᠵᠠᠯ ᠦᠵᠡᠭᠦᠯᠪᠡ᠃ 2024 ᠣᠨ ᠳᠤ᠂ ᠬᠤᠶᠠᠷ ᠤᠯᠤᠰ ᠤᠨ ᠬᠥᠮᠦᠰ ᠤᠨ ᠶᠠᠪᠤᠯᠴᠠᠭ᠎ᠠ 600 ᠲᠦᠮᠡ ᠰᠢᠬᠠᠮ | ᠬᠥᠮᠦᠨ ᠤᠳᠠᠭ᠎ᠠ ᠳᠤ ᠬᠦᠷᠴᠦ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠡᠮᠦᠨᠡᠬᠢ | ᠲᠦᠪᠰᠢᠨ ᠠᠴᠠ ᠳᠠᠪᠠᠪᠠ᠃ ︽ᠮᠠᠯᠠᠶᠢᠰᠢᠶ᠎ᠠ ᠪᠤᠯ ᠠᠽᠢᠶ᠎ᠠ ᠲᠢᠪ ᠤᠨ ᠭᠠᠶᠢᠬᠠᠮᠰᠢᠭ︾ ᠭᠡᠬᠦ ᠵᠠᠷ ᠨᠢ ᠮᠠᠯᠠᠶᠢᠰᠢᠶ᠎ᠠ ᠶᠢᠨ | ᠰᠣᠶᠣᠯ᠂ ᠲᠡᠦᠬᠡ᠂ ᠦᠵᠡᠮᠵᠢ ᠶᠢᠨ ᠥᠪᠡᠷᠮᠢᠴᠡ ᠭᠠᠶᠢᠬᠠᠮᠰᠢᠭ ᠢ ᠬᠠᠷᠠᠭᠤᠯᠵᠤ᠂ ᠮᠠᠰᠢ ᠤᠯᠠᠨ ᠳᠤᠮᠳᠠᠳᠤ ᠤᠯᠤᠰ ᠤᠨ | ᠵᠢᠭᠤᠯᠴᠢᠯᠠᠭᠰᠠᠳ ᠢ ᠲᠠᠲᠠᠵᠤ ᠵᠢᠭᠤᠯᠴᠢᠯᠠᠨ ᠲᠣᠭᠤᠷᠢᠬᠤ ᠶᠢ ᠲᠠᠶᠢᠴᠢᠯᠠᠪᠠ᠃ ᠡᠭᠦᠨ ᠤ ᠬᠠᠮᠲᠤ᠂ ᠨᠡᠩ ᠤᠯᠠᠨ | ᠮᠠᠯᠠᠶᠢᠰᠢᠶ᠎ᠠ ᠶᠢᠨ ᠵᠢᠭᠤᠯᠴᠢᠯᠠᠭᠰᠠᠳ ᠳᠤᠮᠳᠠᠳᠤ ᠤᠯᠤᠰ ᠲᠤ ᠠᠶᠢᠯᠴᠢᠯᠠᠵᠤ᠂ ᠡᠯᠪᠡᠭ ᠪᠠᠶᠠᠯᠢᠭ ︽ᠡᠷᠲᠡᠨ ᠤ ᠬᠡᠪ ᠨᠠᠮᠪᠠ︾ | ᠪᠠ ᠦᠡᠭᠭᠡ ᠢᠯᠭᠠᠷᠠᠭᠰᠠᠨ ︽ᠤᠳᠤ ᠴᠠᠭ ᠤᠨ ᠤᠷᠤᠰᠬᠠᠯ︾ ᠢ ᠣᠶᠢᠯᠠᠭᠠᠨ ᠮᠡᠳᠡᠷᠡᠵᠦ ᠪᠠᠶᠢᠨ᠎ᠠ᠃ ᠳᠤᠮᠳᠠᠳᠤ ᠮᠠᠯᠠᠶᠢᠰᠢᠶ᠎ᠠ | ᠬᠤᠶᠠᠷ ᠤᠯᠤᠰ ᠤᠨ ᠠᠷᠠᠳ ᠲᠦᠮᠡᠨ ᠲᠦᠷᠦᠯ ᠰᠠᠳᠤᠨ ᠰᠢᠭ᠋ ᠢᠶᠠᠷ ᠦᠷᠭᠦᠯᠵᠢ ᠶᠠᠪᠤᠯᠴᠠᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠣᠯᠤᠨ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠶᠢ ᠠᠬᠢᠭᠤᠯᠵᠤ᠂ ᠬᠠᠷᠢᠯᠴᠠᠨ ᠢᠯᠠᠩᠭᠤᠶ᠎ᠠ ᠵᠠᠯᠠᠭᠤ | ᠨᠢᠭᠡ ᠦᠶ᠎ᠡ ᠶᠢᠨ ᠬᠢᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠤᠶ᠎ᠠ᠃ | ᠪᠢᠳᠡ ᠣᠯᠠᠨ ᠲᠠᠯ᠎ᠠ ᠶᠢᠨ ᠬᠠᠮᠵᠢᠯᠴᠠᠭ᠎ᠠ ᠶᠢᠨ ᠳᠠᠷᠪᠠᠭᠤᠯ ᠢ ᠬᠡᠶᠢᠰᠭᠡᠶᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ | ᠴᠥᠮ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠬᠤᠯᠠ ᠬᠥᠭᠵᠢᠵᠦ ᠪᠠᠶᠢᠭ᠎ᠠ ᠤᠯᠤᠰ᠂ ᠰᠢᠨ᠎ᠡ ᠪᠠᠷ ᠮᠠᠨᠳᠤᠭᠰᠠᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠴᠣᠭᠴᠠ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠤᠨ | ᠪᠦᠷᠢᠯᠳᠦᠬᠦᠨ ᠮᠥᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠣᠭᠰᠣᠯᠲᠠ ᠠᠳᠠᠯᠢᠪᠲᠤᠷ᠂ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠪᠣᠷᠣ ᠲᠥᠯᠥᠪ ᠤᠨ ᠳᠣᠲᠣᠷ᠎ᠠ ᠨᠢᠭᠲᠠ ᠬᠠᠮᠵᠢᠯᠴᠠᠪᠠ᠃ ᠳᠤᠮᠳᠠᠳᠤ ᠤᠯᠤᠰ | ᠮᠠᠯᠠᠶᠢᠰᠢᠶ᠎ᠠ ᠶᠢᠨ ᠠᠯᠳᠠᠨ ᠲᠣᠭᠤᠰᠬ᠎ᠠ ᠤᠯᠤᠰ ᠤᠳ ᠤᠨ ᠬᠠᠨᠢᠲᠠᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ | ᠡᠨᠡ ᠨᠢ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠴᠠᠭ | ᠦᠶ᠎ᠡ ᠶᠢᠨ ᠶᠡᠭᠡ ᠬᠠᠨᠳᠤᠰᠢ ᠳᠤ ᠨᠡᠶᠢᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠬᠤ ᠳᠤ ᠠᠰᠢᠭᠲᠠᠢ ᠶᠤᠮ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ | ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 80 ᠵᠢᠯ ᠤᠨ ᠣᠶ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠬᠤ ᠪᠥᠭᠡᠳ ᠪᠠᠨᠳᠥ᠋ᠩ ᠤᠨ ᠬᠤᠷᠠᠯᠳᠤᠭᠠᠨ | ᠬᠤᠷᠠᠯᠳᠤᠭᠰᠠᠨ 70 ᠵᠢᠯ ᠤᠨ ᠣᠶ ᠪᠣᠯᠤᠨ᠎ᠠ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ | ᠪᠠᠨᠳᠦ᠋ᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ | ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ | ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ | ᠨᠡᠭᠡᠭᠡᠯᠲᠡᠳᠠᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠪᠣᠯ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠭᠰᠠᠨ᠂ | ᠠᠯᠳᠠᠷ ᠭᠤᠲᠤᠮᠰᠢᠭ ᠢᠶᠠᠨ ᠬᠠᠮᠲᠤᠳᠬᠠᠭᠰᠠᠨ᠂ ᠭᠠᠰᠠᠯᠠᠩ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ | ᠬᠠᠮᠲᠤ ᠶᠢᠨ ᠴᠣᠭᠴᠠ ᠮᠥᠨ᠃ ︽ᠵᠢᠷᠭᠠᠯ ᠢ ᠬᠠᠮᠳᠤᠳᠠ ᠡᠳ᠋ᠯᠡᠵᠤ ᠵᠣᠪᠠᠯᠠᠩ ᠢ ᠬᠠᠮᠲᠤᠳᠠ ᠲᠤᠭᠤᠯᠬᠤ︾ ᠪᠣᠯ ᠬᠤᠶᠠᠷ | ᠤᠯᠤᠰ ᠤᠨ ᠬᠠᠮᠲᠤ ᠶᠢᠨ ᠵᠦᠢᠷ ᠰᠡᠴᠡᠨ ᠦᠭᠡ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠦᠨᠡᠨ ᠶᠣᠰᠣ ᠶᠢ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ | ᠭᠠᠪᠰᠢᠭᠠᠶᠢᠯᠠᠨ ᠲᠡᠮᠡᠴᠡᠵᠦ᠂ ᠬᠦᠭᠵᠢᠭᠰᠡᠨ᠂ ᠪᠤᠵᠠᠭᠠᠶᠢᠷᠠᠭᠰᠠᠨ᠂ ᠴᠡᠴᠡᠭᠯᠡᠨ ᠬᠦᠭᠵᠢᠭᠰᠡᠨ ᠰᠠᠶᠢᠨ ᠰᠠᠶᠢᠬᠠᠨ ᠢᠷᠡᠭᠡᠳᠦᠢ ᠶᠢ | ᠬᠠᠮᠲᠤ ᠪᠠᠷ ᠨᠡᠭᠡᠭᠡᠶ᠎ᠡ᠃ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠡᠯ᠎ᠡ | ᠤᠯᠤᠰ ᠤᠨ ᠨᠥᠬᠦᠷᠰᠡᠭ ᠬᠠᠮᠲᠤᠷᠠᠯᠴᠠᠭ᠎ᠠ ᠴᠠᠭ ᠦᠶ᠎ᠡ ᠶᠢᠨ ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ | ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠨᠢᠲᠠᠨ ᠤ | ᠲᠤᠳᠤᠷ᠎ᠠ ᠬᠠᠮᠤᠭ ᠤᠨ ᠲᠦᠷᠦᠭᠦᠨ ᠳᠤ ︽ᠵᠡᠭᠦᠨ ᠡᠮᠦᠨᠡᠲᠦ ᠠᠽᠢᠶ᠎ᠠ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠳᠤ | ᠣᠷᠣᠯᠴᠠᠵᠤ᠂ ᠬᠠᠮᠤᠭ ᠤᠨ ᠲᠥᠷᠥᠬᠦᠨ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠴᠢᠯᠥᠭᠡᠲᠦ | ᠠᠷᠠᠯᠵᠢᠶᠠᠨ ᠤ ᠣᠷᠣᠨ ᠪᠣᠯᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ | ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤᠷᠠᠯᠴᠠᠭ᠎ᠠ ᠨᠢ ᠣᠷᠣᠨ | ᠪᠦᠰᠡ ᠶᠢᠨ ᠬᠠᠮᠲᠤᠷᠠᠯᠴᠠᠭ᠎ᠠ ᠳᠤᠮᠳᠠ ᠬᠠᠮᠤᠭ ᠤᠨ ᠪᠣᠳᠠᠲᠠᠢ ᠶᠢ ᠡᠷᠬᠢᠮᠯᠡᠵᠦ᠂ ᠬᠠᠮᠤᠭ ᠤᠨ ᠦᠯᠡᠮᠵᠢ ᠦᠷ᠎ᠡ ᠪᠦᠲᠦᠭᠡᠯ | ᠤᠯᠪᠠ᠃ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ᠂ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠥᠷᠢᠰᠥᠯᠳᠦᠭᠡᠨ ᠪᠣᠯᠤᠨ ᠠᠵᠤ ᠠᠬᠤᠢ ᠶᠢᠨ | ᠳᠡᠯᠡᠬᠡᠶᠢᠵᠢᠯᠲᠡ ᠶᠢᠨ ᠰᠥᠷᠭᠡᠦ ᠤᠷᠤᠰᠬᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠤ᠂ ᠬᠤᠶᠠᠷ | ᠲᠠᠯ᠎ᠠ ᠶᠢᠨ ᠬᠠᠮᠲᠤᠷᠠᠯᠴᠠᠭ᠎ᠠ ᠤᠯᠠᠮ ᠡᠷᠡᠰ ᠪᠠᠲᠤ ᠪᠣᠯᠪᠠ᠃ 2024 ᠣᠨ ᠳᠤ᠂ ᠳᠤᠮᠳᠠᠳᠤ ᠤᠯᠤᠰ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠠᠷᠠᠯᠵᠢᠶᠠᠨ ᠤ ᠬᠡᠮᠵᠢᠶ᠎ᠡ 9800 ᠳ᠋ᠦᠩᠰᠢᠭᠤᠷ ᠳ᠋ᠣᠯᠯᠠᠷ ᠢ ᠳᠠᠪᠠᠵᠤ᠂ 5 | ᠵᠢᠯ ᠳᠠᠷᠠᠭᠠᠯᠠᠨ ᠬᠠᠷᠢᠯᠴᠠᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠳᠤᠮᠳᠠᠳᠤ ᠤᠯᠤᠰ - ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠬᠡᠯᠡᠯᠴᠡᠭᠡ | ᠦᠨᠡᠨ ᠪᠣᠳᠠᠲᠠᠢ ᠳᠠᠭᠤᠰᠪᠠ᠃ ᠨᠡᠩ ᠤᠯᠠᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠨ | ᠰᠢᠯᠢᠳᠡᠭ ᠤᠨᠴᠠᠯᠢᠬᠳᠤ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠬᠡ ᠳᠤ ᠬᠦᠷᠭᠡᠭᠳᠡᠵᠦ᠂ | ᠳᠤᠮᠳᠠᠳᠤ ᠤᠯᠤᠰ ᠤᠨ ᠤᠳᠬ᠎ᠠ ᠵᠣᠬᠢᠶᠠᠯ᠂ ᠺᠠᠷᠲ᠋ᠣᠨ ᠵᠢᠷᠤᠭ᠂ ᠺᠢᠨᠣ᠋ ᠲᠧᠯᠸᠢᠰ ᠤᠨ ᠪᠦᠲᠦᠭᠡᠯ ᠵᠡᠷᠭᠡ ᠲᠠᠰᠤᠷᠠᠯᠳᠠ ᠦᠬᠡᠢ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠲᠤ ᠲᠠᠮᠵᠢᠭᠳᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠪᠣᠯᠤᠨ ᠲᠠᠲᠠᠬᠤ ᠬᠦᠴᠦᠨ ᠢᠶᠠᠷ ᠪᠢᠯᠬᠠᠬᠰᠠᠨ ᠤᠳᠤ ᠦᠶ᠎ᠡ ᠶᠢᠨ ᠠᠮᠢᠳᠤᠷᠠᠯ ᠤᠨ ᠠᠭᠤᠷ | ᠠᠮᠢᠰᠬᠤᠯ ᠢ ᠬᠦᠷᠭᠡᠵᠦ ᠤᠴᠢᠪᠠ᠃ | ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ ᠲᠡᠮᠵᠢᠵᠤ᠂ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠷᠤᠨ ᠪᠦᠰᠡ ᠶᠢᠨ ᠪᠦᠲᠦᠴᠡ ᠳᠤᠮᠳᠠᠬᠢ ᠭᠤᠤᠯᠯᠠᠬᠤ | ᠪᠠᠶᠢᠷᠢ ᠰᠠᠭᠤᠷᠢ ᠶᠢ ᠳᠡᠮᠵᠢᠨ᠎ᠡ᠃ ᠳᠤᠮᠳᠠᠳᠤ ᠤᠯᠤᠰ ᠮᠠᠯᠠᠶᠢᠰᠢᠶ᠎ᠠ ᠶᠢᠨ 2025 ᠣᠨ ᠤ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠮᠠᠯᠠᠶᠢᠰᠢᠶ᠎ᠠ ᠨᠢ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠬᠠᠷᠢᠯᠴᠠᠭ᠎ᠠ ᠶᠢ ᠵᠣᠬᠢᠴᠠᠭᠤᠯᠤᠭᠴᠢ ᠤᠯᠤᠰ ᠪᠣᠯᠤᠭᠰᠠᠨ ᠤ ᠬᠤᠪᠢ ᠳᠤ ᠬᠦᠭᠦᠷᠭᠡ ᠬᠤᠯᠪᠤᠭᠠᠰᠤ ᠶᠢᠨ | ᠦᠢᠯᠡᠳᠦᠯ ᠢᠶᠠᠨ ᠨᠡᠩ ᠰᠠᠶᠢᠳᠦᠷ ᠪᠠᠳᠠᠷᠠᠭᠤᠯᠬᠤ ᠶᠢ ᠬᠦᠰᠡᠵᠤ ᠪᠠᠶᠢᠨ᠎ᠠ᠃ ᠳᠤᠮᠳᠠᠳᠤ ᠤᠯᠤᠰ ᠤᠳᠤ ᠶᠠᠭ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠷᠠᠲᠠᠶ᠎ᠠ ᠡᠯ᠎ᠡ | ᠤᠯᠤᠰ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠬᠤ᠂ ᠬᠠᠮᠲᠤ ᠪᠠᠷ ᠴᠡᠴᠡᠭᠯᠡᠨ | ᠬᠥᠭᠵᠢᠬᠦ ᠶᠢ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ | ᠤᠶᠠᠨ ᠬᠠᠳᠠᠨ ᠴᠢᠨᠠᠷ ᠢᠶᠠᠷ ᠴᠢᠩᠭ᠎ᠠ᠂ ᠲᠠᠯᠳᠠ ᠬᠦᠴᠦᠨ ᠢᠶᠠᠷ ᠶᠡᠭᠡ ᠪᠠᠶᠢᠵᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠶᠢ | ᠲᠤᠯᠭᠠᠭᠤᠷᠢᠯᠠᠬᠤ ᠨᠥᠬᠦᠴᠡᠯ ᠪᠣᠯᠣᠨ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠃ ᠳᠤᠮᠳᠠᠳᠤ ᠤᠯᠤᠰ 2025 | ᠣᠨ ᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠢᠶᠠᠷ ᠲᠣᠭᠲᠠᠭᠠᠵᠤ᠂ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ | ᠡᠯ᠎ᠡ ᠤᠯᠤᠰ ᠲᠠᠢ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠭᠠᠵᠠᠷ ᠣᠷᠣᠨ ᠴᠢᠨᠠᠭᠰᠢᠯᠠᠪᠠᠯ | ᠳᠡᠯᠡᠬᠡᠢ ᠶᠢᠨ ᠠᠵᠤ ᠠᠬᠤᠢ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠭᠲᠠᠭᠠᠯᠲᠦ ᠴᠢᠨᠠᠷ ᠢ ᠨᠡᠮᠡᠷᠢᠯᠡᠬᠦ ᠪᠣᠯᠣᠨ᠎ᠠ᠃ | ᠪᠦᠯᠬᠦᠮᠳᠡᠯ ᠪᠣᠯ ᠳᠠᠷᠤᠢ ᠬᠦᠴᠦᠨ ᠮᠥᠨ᠂ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠴᠢᠳᠠᠨ᠎ᠠ᠃ | ᠳᠤᠮᠳᠠᠳᠤ ᠤᠯᠤᠰ ᠳᠤᠷᠠᠲᠠᠶ᠎ᠠ ᠮᠠᠯᠠᠶᠢᠰᠢᠶ᠎ᠠ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠪᠤᠰᠤᠳ ᠤᠯᠤᠰ ᠤᠳ ᠲᠠᠢ ᠬᠠᠮᠲᠤ ᠪᠠᠷ ᠡᠩᠬᠡ ᠲᠠᠶᠢᠪᠤᠩ ᠪᠣᠯᠣᠨ ᠬᠥᠭᠵᠢᠯᠲᠡ ᠶᠢᠨ ᠲᠡᠦᠬᠡ ᠶᠢᠨ ᠤᠷᠤᠰᠬᠠᠯ ᠢ ᠲᠠᠭᠠᠵᠤ᠂ | ᠭᠠᠵᠠᠷ ᠣᠷᠣᠨ ᠤ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ ᠡᠰᠡᠷᠭᠦᠴᠡᠵᠦ᠂ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠥᠨᠳᠥᠷ ᠲᠦᠪᠰᠢᠨ ᠪᠦᠬᠦᠢ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠳᠠᠪᠠᠯᠭᠠᠨ ᠢ ᠰᠥᠷᠦᠨ ᠤᠷᠤᠭᠰᠢᠯᠠᠬᠤ ᠶᠢ ᠠᠬᠢᠭᠤᠯᠵᠤ᠂ ᠭᠠᠷ ᠬᠤᠯᠪᠣᠨ ᠨᠡᠩ ᠨᠢᠭᠲᠠ ᠳᠤᠮᠳᠠᠳᠤ ᠤᠯᠤᠰ - ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ |