ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠤᠨ ᠡᠷᠬᠢᠯᠡᠭᠰᠡᠨ ᠤᠭᠲᠤᠬᠤ ᠳᠠᠶᠢᠯᠠᠯᠭ᠎ᠠ ᠳᠡᠭᠡᠷᠡᠬᠢ ᠪᠠᠶᠠᠷ ᠤᠨ ᠦᠭᠡ
ᠨᠡᠶᠢᠲᠡᠯᠡᠭᠰᠡᠨ ᠴᠠᠭ᠄
2025/4/17
                ︵2025 ᠣᠨ ᠤ 4 ᠰᠠᠷ᠎ᠠ ᠶᠢᠨ 16 ᠤ ᠡᠳᠦᠷ᠂ ᠪᠦᠲ᠋ᠧᠯᠠᠵᠢᠶᠠᠶᠠ︶             ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩᠬᠦᠨᠳᠦᠲᠦ ᠶᠡᠷᠦᠩᠬᠡᠶ ᠰᠠᠶᠢᠳ ᠠᠨᠸᠠᠷ᠂ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ᠄      ᠶᠡᠷᠦᠩᠬᠡᠢ ᠰᠠᠶᠢᠳ ᠠᠨᠸᠠᠷ ᠤᠨ ᠣᠷᠭᠢᠯᠤᠮ᠎ᠠ ᠬᠠᠯᠠᠭᠤᠨ ᠰᠡᠳᠭᠢᠯᠭᠡ ᠲᠠᠢ ᠶᠠᠷᠢᠶ᠎ᠠ ᠲᠠᠯᠪᠢᠭᠰᠠᠨ ᠳᠤ ᠲᠠᠯᠠᠷᠬᠠᠵᠤ ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠢᠪᠥ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠥᠷᠥ ᠶᠢᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠪᠢ ᠮᠠᠯᠠᠶᠢᠰᠢᠶ᠎ᠠ ᠶᠢᠨ ᠬᠢᠨ ᠤ ᠨᠠᠷᠢᠨ ᠨᠢᠮᠪᠠᠢ ᠲᠤᠬᠢᠷᠠᠭᠤᠯᠤᠯᠳᠠ ᠪᠠ ᠬᠠᠯᠠᠭᠤᠮᠰᠤᠭ ᠢᠶᠠᠷ ᠵᠣᠴᠢᠯᠠᠭᠰᠠᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃      ︽ᠠᠭᠤᠯᠵᠠᠵᠤ ᠦᠩᠭᠡᠷᠡᠭᠡ ᠦᠭᠡᠢ ᠴᠤ ᠳᠤᠳᠤᠨᠤᠰᠤᠭ ᠪᠤᠯ ᠤᠴᠢᠵᠤ ᠪᠣᠯᠤᠮᠤᠢ︔ ᠰᠠᠯᠤᠯᠴᠠᠭᠠᠳ ᠤᠳᠠᠲᠠᠯ᠎ᠠ ᠮᠠᠷᠲᠠᠬᠤ ᠦᠭᠡᠢ ᠪᠤᠯ ᠢᠷᠡᠵᠦ ᠪᠣᠯᠤᠮᠤᠢ︾᠃ ᠪᠢ ᠳᠡᠭᠡᠷ᠎ᠡ ᠤᠳᠠᠭ᠎ᠠ ᠮᠠᠯᠠᠶᠢᠰᠢᠶ᠎ᠠ ᠳᠤ ᠠᠶᠢᠯᠴᠢᠯᠠᠭᠰᠠᠨ ᠨᠢ 2013 ᠣᠨ ᠤ ᠶᠠᠪᠤᠳᠠᠯ ᠪᠣᠯᠤᠨ᠎ᠠ᠂ ᠡᠷᠬᠢᠮ ᠤᠯᠤᠰ ᠤᠨ ᠦᠩᠭᠡ ᠦᠵᠡᠮᠵᠢ ᠦᠵᠡᠰᠬᠦᠯᠡᠩᠳᠤ ᠰᠠᠶᠢᠬᠠᠨ᠂ ᠰᠣᠶᠣᠯ ᠤᠯᠠᠨ ᠡᠰᠢᠵᠢᠭᠰᠡᠨ᠂ ᠠᠷᠠᠳ ᠲᠦᠮᠡᠨ ᠨᠥᠬᠦᠷᠰᠡᠭ᠂ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ 12 ᠵᠢᠯ ᠤᠨ ᠲᠠᠷᠠᠭ᠎ᠠ ᠳᠠᠬᠢᠨᠲᠠ ᠠᠶᠢᠯᠴᠢᠯᠠᠵᠤ᠂ ᠮᠠᠯᠠᠶᠢᠰᠢᠶ᠎ᠠ ᠡᠳᠦᠷ ᠠᠴᠠ ᠡᠳᠦᠷ ᠬᠥᠭᠵᠢᠨ ᠮᠠᠨᠳᠤᠵᠤ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠢᠯᠡᠳᠲᠡ ᠠᠮᠵᠢᠯᠲᠠ ᠣᠯᠤᠭᠰᠠᠨ ᠢ ᠦᠵᠡᠭᠡᠳ ᠪᠢ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠬᠠᠭᠠᠨᠳᠠᠨ ᠪᠠ ᠶᠡᠷᠦᠩᠬᠡᠶ ᠰᠠᠶᠢᠳ ᠠᠨᠸᠠᠷ ᠤᠨ ᠳᠠᠭᠠᠭᠤᠯᠭ᠎ᠠ ᠳᠤᠤᠷ᠎ᠠ᠂ ᠮᠠᠯᠠᠶᠢᠰᠢᠶ᠎ᠠ ᠯᠠᠪᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ︽ᠬᠦᠭᠵᠢᠭᠰᠡᠨ ᠪᠠᠳᠠᠷᠠᠬᠰᠠᠨ ᠮᠠᠯᠠᠶᠢᠰᠢᠶ᠎ᠠ︾ ᠶᠢ ᠪᠠᠶᠢᠭᠤᠯᠬᠤ ᠵᠠᠮ ᠢᠶᠠᠷ ᠵᠠᠮᠨᠠᠵᠤ ᠨᠠᠩ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠤᠯᠬᠤ ᠶᠢ ᠢᠲᠡᠭᠡᠵᠦ ᠪᠠᠶᠢᠨ᠎ᠠ᠃      ᠳᠤᠮᠳᠠᠳᠤ ᠮᠠᠯᠠᠶᠢᠰᠢᠶ᠎ᠠ ᠬᠤᠶᠠᠷ ᠤᠯᠤᠰ ᠳᠠᠯᠠᠢ ᠠᠯᠤᠰᠯᠠᠨ ᠬᠠᠷᠢᠯᠴᠠᠨ ᠪᠠᠷᠠᠯᠠᠵᠤ᠂ ᠤᠯᠠᠮᠵᠢᠯᠠᠯᠲᠤ ᠨᠥᠬᠦᠷᠯᠡᠯ ᠮᠢᠩᠭᠠᠨ ᠤᠨ ᠢ ᠲᠤᠭᠤᠯᠤᠬᠰᠠᠨ ᠶᠤᠮ᠃ ᠮᠠᠯᠠᠶᠢᠰᠢᠶ᠎ᠠ ᠶᠢᠨ ᠵᠦᠢᠷ ᠦᠭᠡᠨ ᠳᠤ᠄ ︽ᠴᠥᠬᠦᠷᠡᠰᠢ ᠦᠭᠡᠢ ᠴᠢᠷᠮᠠᠶᠢᠪᠠᠯ᠂ ᠡᠳᠦᠷ ᠤᠨ ᠤᠳᠠᠭᠠᠨ ᠳᠤ ᠠᠭᠤᠯᠠ ᠪᠤᠯᠵᠤ ᠰᠦᠨᠳᠡᠷᠯᠡᠮᠤᠢ︾ ᠭᠡᠳᠡᠭ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠬᠠᠳᠠ ᠴᠢᠯᠠᠭᠤ ᠮᠡᠲᠦ ᠪᠠᠲᠤ ᠪᠠᠬᠢ ᠪᠣᠯᠵᠤ᠂ ᠤᠯᠤᠰ ᠲᠦᠷᠦ ᠶᠢᠨ ᠲᠠᠯ᠎ᠠ ᠪᠠᠷ ᠬᠠᠷᠢᠯᠴᠠᠨ ᠬᠦᠨᠳᠦᠳᠬᠡᠵᠦ ᠬᠠᠷᠢᠯᠴᠠᠨ ᠢᠲᠡᠭᠡᠯᠴᠡᠭᠰᠡᠨ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠭᠰᠡᠨ᠂ ᠰᠣᠶᠣᠯ ᠤᠨ ᠲᠠᠯ᠎ᠠ ᠪᠠᠷ ᠬᠠᠷᠢᠯᠴᠠᠨ ᠲᠣᠯᠢ ᠪᠣᠯᠭᠠᠵᠤ ᠬᠠᠮᠲᠤ ᠪᠠᠷ ᠠᠬᠢᠭᠤᠯᠤᠭᠰᠠᠨ ᠳᠣᠲᠣᠨᠣ ᠨᠠᠶᠢᠵᠠ ᠪᠠ ᠬᠠᠨᠢᠲᠠᠨ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠭᠰᠡᠨ ᠪᠠᠶᠢᠨ᠎ᠠ᠃ 2023 ᠣᠨ ᠳᠤ᠂ ᠪᠢ ᠶᠡᠷᠦᠩᠬᠡᠢ ᠰᠠᠶᠢᠳ ᠠᠪᠤᠭᠠᠢ ᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠪᠠᠷ ᠨᠡᠶᠢᠲᠡᠯᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠲᠡᠦᠬᠡ ᠶᠢᠨ ᠬᠠᠭᠤᠳᠠᠰᠤ ᠶᠢ ᠨᠡᠭᠡᠭᠡᠭᠰᠡᠨ ᠶᠤᠮ᠃      ᠰᠠᠶ᠋ᠢᠬᠠᠨ ᠪᠢ ᠶᠡᠷᠦᠩᠬᠡᠢ ᠰᠠᠶᠢᠳ ᠠᠨᠸᠠᠷ ᠲᠠᠢ ᠳᠣᠲᠣᠨᠣ ᠨᠥᠬᠦᠷᠰᠡᠭ ᠬᠡᠯᠡᠯᠴᠡᠭᠡ ᠬᠢᠵᠡᠢ᠂ ᠪᠢᠳᠡ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠣᠳᠣᠬᠠᠨ ᠤ ᠤᠯᠠᠨ ᠤᠯᠤᠰ ᠤᠨ ᠡᠮᠬᠢ ᠳᠢᠭᠯᠢᠮ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠴᠤᠬᠢᠯᠳᠠ ᠳᠤ ᠤᠴᠠᠷᠠᠵᠤ ᠪᠠᠶᠢᠭ᠎ᠠ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠭᠠᠵᠠᠷ ᠣᠷᠣᠨ ᠤ ᠤᠯᠤᠰ ᠤᠳ ᠲᠠᠢ ᠪᠦᠯᠬᠦᠮᠳᠡᠨ ᠨᠢᠭᠡᠳᠴᠦ᠂ ᠬᠠᠮᠲᠤ ᠪᠠᠷ ᠭᠠᠵᠠᠷ ᠣᠷᠣᠨ ᠤ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ ᠡᠰᠡᠷᠭᠦᠴᠡᠵᠦ᠂ ᠭᠠᠭᠴᠠ ᠲᠠᠯᠠᠲᠦ ᠦᠵᠡᠯ ᠪᠣᠯᠣᠨ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠠᠽᠢᠶ᠎ᠠ ᠲᠢᠪ ᠤᠨ ᠭᠡᠷ ᠣᠷᠣᠨ ᠤ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠢ ᠶᠢ ᠰᠠᠶᠢᠲᠤᠷ ᠰᠠᠬᠢᠨ ᠬᠠᠮᠠᠭᠠᠯᠠᠶ᠎ᠠ᠃      ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠲᠡᠦᠬᠡ ᠶᠢᠨ ᠤᠷᠤᠰᠬᠠᠯ ᠳᠤ ᠵᠤᠬᠢᠴᠠᠵᠤ᠂ ᠢᠷᠡᠭᠡᠳᠦᠢ ᠬᠡᠬᠡᠨ ᠰᠠᠷᠠᠭᠤᠯ ᠪᠤᠯᠬᠤ ᠶᠤᠮ᠃ ᠳᠤᠮᠳᠠᠳᠤ ᠶᠢᠨ ᠲᠠᠯ᠎ᠠ ᠶᠢᠨ ᠬᠢᠨ ᠮᠠᠯᠠᠶᠢᠰᠢᠶ᠎ᠠ ᠶᠢᠨ ᠲᠠᠯ᠎ᠠ ᠲᠠᠢ ᠬᠠᠮᠲᠤ ᠪᠠᠷ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭᠠᠨ ᠤ ᠰᠢᠨ᠎ᠡ ︽ᠰᠢᠵᠢᠷ ᠠᠯᠳᠠᠨ 50 ᠵᠢᠯ︾ ᠢ ᠴᠣᠭᠴᠠᠯᠠᠵᠤ᠂ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠨᠡᠩ ᠶᠡᠭᠡ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠭᠦᠭᠵᠢᠵᠦ ᠪᠠᠶᠢᠭ᠎ᠠ ᠤᠯᠤᠰ ᠤᠳ ᠲᠤ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃      ᠬᠠᠮᠤᠭ ᠤᠨ ᠰᠡᠭᠦᠯ ᠳᠤ᠂ ᠮᠠᠯᠠᠶᠢᠰᠢᠶ᠎ᠠ ᠶᠢᠨ ᠬᠦᠭᠵᠢᠨ ᠮᠠᠨᠳᠤᠵᠤ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕      ᠶᠡᠷᠦᠩᠬᠡᠢ ᠰᠠᠶᠢᠳ ᠠᠨᠸᠠᠷ ᠪᠣᠯᠣᠨ ᠠᠳᠡ ᠰᠠᠭᠤᠵᠤ ᠪᠠᠶᠢᠭ᠎ᠠ ᠨᠠᠶᠢᠵᠠ ᠨᠠᠷ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠯᠢᠪᠠ ᠪᠦᠬᠦᠨ ᠤᠷᠤᠭᠰᠢᠲᠠᠢ ᠪᠠᠶᠢᠬᠤ ᠶᠢ ᠵᠦᠡᠭᠨᠡᠶ᠎ᠡ︕      ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠥᠨᠢ ᠮᠥᠩᠬᠡ ᠪᠠᠶᠢᠬᠤ ᠶᠢ ᠵᠥᠩᠨᠡᠶ᠎ᠡ︕      ᠤᠯᠠᠨ ᠳᠤ ᠪᠠᠶᠠᠷᠯᠠᠯ᠎ᠠ︕      ︵ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠬᠢᠯᠭᠠᠨ ᠮᠡᠳᠡᠭᠡ︶      
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号