ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠬᠠᠤᠯᠢ ᠬᠡᠷᠡᠭᠵᠢᠭᠦᠯᠦᠯᠲᠡ ᠶᠢ ᠥᠷᠨᠢᠭᠦᠯᠪᠡ
ᠨᠡᠶᠢᠲᠡᠯᠡᠭᠰᠡᠨ ᠴᠠᠭ᠄
2025/4/17
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠡᠷᠡᠴᠢᠯᠡᠯ ᠪᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠲᠣᠤᠷ ᠴᠡᠭ ᠲᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠦᠢᠯᠡᠳᠬᠦᠨ ᠤ 3C ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠶᠢᠨ ᠲᠣᠭᠲᠠᠭᠠᠯ ᠳᠤ ᠨᠡᠶᠢᠴᠡᠬᠦ ᠴᠢᠨᠠᠷ ᠤᠨ ᠲᠣᠭᠤᠷᠢᠨ ᠳᠤ ᠦᠷᠨᠢᠭᠦᠯᠵᠦ᠂ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠳᠠᠯᠳᠠ ᠬᠡᠮ ᠢ ᠬᠦᠴᠦᠯᠡᠨ ᠵᠢᠭᠰᠠᠭᠠᠨ ᠪᠠᠶᠢᠴᠠᠭᠠᠪᠠ᠃
     ᠬᠠᠤᠯᠢ ᠬᠡᠷᠡᠭᠵᠢᠭᠦᠯᠬᠦ ᠡᠩᠨᠡᠭᠡ ᠣᠷᠳᠣᠰ ᠶᠡᠭᠡ ᠵᠡᠭᠡᠯᠢ ᠶᠢᠨ ᠮᠠᠰᠢᠨ ᠲᠡᠷᠭᠡᠨ ᠤ ᠡᠮᠦᠨ᠎ᠡ ᠥᠷᠲᠡᠭᠡ ᠶᠢᠨ ᠡᠷᠭᠢᠨ ᠲᠣᠭᠤᠷᠢᠨ ᠤ ᠡᠵᠡᠩᠨᠡᠯᠲᠡ ᠨᠢᠭᠲᠠᠷᠠᠭᠰᠠᠨ ᠣᠷᠣᠨ ᠪᠦᠰᠡ ᠪᠠᠷ ᠪᠠᠶᠢᠴᠠᠭᠠᠯᠲᠠ ᠶᠢᠨ ᠭᠤᠤᠯᠳᠠᠯᠭ᠎ᠠ ᠪᠣᠯᠭᠠᠵᠤ᠂ 7 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠳᠡᠯᠭᠡᠭᠦᠷ ᠵᠢᠴᠢ 1 ᠰᠡᠯᠪᠢᠨ ᠵᠠᠰᠠᠬᠤ ᠳᠡᠯᠭᠡᠭᠦᠷ ᠢ ᠪᠥᠬᠦ ᠲᠠᠯ᠎ᠠ ᠪᠠᠷ ᠵᠢᠭᠰᠠᠭᠠᠨ  ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠡᠷᠭᠡ ᠬᠥᠰᠬᠡ ᠶᠢᠨ 3C ᠭᠡᠷᠡᠴᠢᠯᠡᠭᠡ ᠶᠢᠨ ᠦᠨᠡᠮᠯᠡᠯ ᠤᠨ ᠬᠦᠴᠦᠨ ᠪᠥᠬᠦᠶ ᠴᠢᠨᠠᠷ ᠢ ᠴᠢᠩᠭ᠎ᠠ ᠬᠢᠨᠠᠨ ᠰᠢᠯᠭᠠᠵᠤ᠂ ᠦᠨᠡᠮᠯᠡᠯ ᠤᠨ ᠮᠡᠳᠡᠭᠡ ᠵᠠᠩᠭᠢ ᠬᠢᠭᠡᠳ ᠲᠡᠷᠭᠡ ᠬᠥᠰᠬᠡ ᠶᠢᠨ ᠪᠣᠳᠠᠲᠠᠶ ᠪᠣᠯᠵᠣᠯᠲᠤ ᠲᠤᠭ᠎ᠠ ᠶᠢ ᠨᠠᠷᠢᠨ ᠨᠢᠮᠪᠠᠶ ᠬᠠᠷᠢᠴᠠᠭᠤᠯᠤᠨ᠂ ᠭᠡᠷᠡᠴᠢᠯᠡᠭᠡ ᠶᠢᠨ ᠦᠨᠡᠮᠯᠡᠯ ᠢ ᠬᠠᠭᠤᠷᠮᠠᠭ ᠢᠶᠠᠷ ᠵᠣᠬᠢᠶᠠᠬᠤ᠂ ᠬᠠᠭᠤᠷᠮᠠᠭᠯᠠᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃ ᠨᠢᠭᠡᠨ ᠨᠠᠷᠠᠲᠤ ᠲᠡᠮᠳᠡᠭᠲᠦ ᠶᠢ ᠪᠣᠷᠣᠯᠠᠭᠤᠯᠬᠤ ᠳᠡᠯᠭᠡᠭᠦᠷ ᠲᠤ 5 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠠᠶᠢᠭ᠎ᠠ 3C ᠭᠡᠷᠡᠴᠢᠯᠡᠭᠡ ᠶᠢᠨ ᠦᠨᠡᠮᠯᠡᠯ ᠨᠢ ᠨᠢᠭᠡᠨᠲᠡ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠢ ᠣᠯᠵᠤ ᠮᠡᠳᠡᠭᠡᠳ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠣᠭᠲᠠᠭᠠᠯ ᠠᠴᠠ ᠵᠥᠷᠢᠴᠡᠭᠰᠡᠨ ᠦᠢᠯᠡᠳᠭᠦᠨ ᠢ ᠪᠣᠷᠣᠯᠠᠭᠤᠯᠬᠤ ᠶᠢ ᠲᠡᠷᠡ ᠳᠠᠷᠤᠶ ᠳᠤᠨᠢ ᠵᠣᠭᠰᠣᠭᠠᠬᠤ ᠶᠢ ᠱᠠᠭᠠᠷᠳᠠᠬᠤ ᠶᠢᠨ ᠬᠠᠮᠲᠤ ᠠᠰᠠᠭᠤᠳᠠᠯ ᠲᠠᠢ ᠲᠡᠷᠭᠡ ᠶᠢ ᠡᠭᠡᠭᠦᠯᠦᠨ ᠠᠪᠴᠢᠷᠠᠬᠤ ᠲᠡᠰ ᠳᠠᠷᠠᠭᠠᠯᠠᠯ ᠢ ᠡᠬᠢᠯᠡᠭᠦᠯᠵᠦ ᠦᠢᠯᠡᠳᠪᠦᠷᠢᠯᠡᠬᠦ ᠦᠢᠯᠡᠳᠪᠦᠷᠢ ᠠᠴᠠ ᠬᠠᠮᠵᠢᠯᠴᠠᠨ ᠰᠢᠢᠳᠪᠦᠷᠢᠯᠡᠭᠦᠯᠬᠦ ᠪᠠᠷ ᠮᠡᠳᠡᠭᠳᠡᠪᠡ᠃      ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠳᠠᠪᠲᠠᠨ ᠪᠠᠶᠢᠴᠠᠭᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠠᠷᠭ᠎ᠠ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠤᠯᠢ ᠠᠴᠠ ᠵᠥᠷᠢᠴᠡᠭᠰᠡᠨ ᠪᠣᠷᠣᠯᠠᠭᠤᠯᠭ᠎ᠠ ᠶᠢᠨ ᠠᠵᠢᠯᠯᠠᠭ᠎ᠠ ᠳᠤ ᠥᠨᠳᠥᠷ ᠳᠠᠷᠤᠯᠲᠠᠲᠤ ᠰᠦᠷᠳᠡᠭᠦᠯᠦᠯ ᠢ ᠪᠣᠶ ᠪᠤᠯᠭᠠᠪᠠ᠃ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠬᠤ ᠶᠢᠨ ᠲᠥᠯᠥᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠬᠡᠷᠡᠭᠯᠡᠭᠡᠨ ᠤ ᠰᠠᠨᠠᠭᠤᠯᠤᠮᠵᠢ ᠨᠡᠶᠢᠲᠡᠯᠡᠬᠦ᠂ ᠨᠡᠶᠢᠭᠡᠮ ᠲᠣᠭᠤᠷᠢᠭ ᠲᠤ ᠤᠬᠠᠭᠤᠯᠭ᠎ᠠ ᠶᠢᠨ ᠰᠠᠮᠪᠠᠷ᠎ᠠ ᠲᠣᠬᠢᠷᠠᠭᠤᠯᠬᠤ ᠵᠡᠷᠭᠡ ᠬᠡᠯᠪᠡᠷᠢ ᠪᠠᠷ ᠣᠯᠠᠨ ᠨᠡᠶᠢᠲᠡ ᠳᠤ 3C ᠭᠡᠷᠡᠴᠢᠯᠡᠯ ᠤᠨ ᠲᠡᠮᠳᠡᠭ ᠢ ᠪᠠᠶᠢᠴᠠᠭᠠᠨ ᠰᠢᠯᠭᠠᠬᠤ ᠠᠷᠭ᠎ᠠ ᠶᠢ ᠲᠦᠭᠡᠮᠡᠯᠵᠢᠭᠦᠯᠵᠦ᠂ ᠬᠡᠷᠡᠭᠯᠡᠭᠴᠢᠳ ᠤᠨ ᠠᠮᠤᠷ ᠲᠦᠪᠰᠢᠨ ᠢᠶᠠᠷ ᠬᠤᠳᠠᠯᠳᠤᠨ ᠠᠪᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号