ᠶᠡᠭᠡ ᠵᠤᠤ ᠨᠡᠶᠢᠭᠡᠮ ᠲᠣᠭᠤᠷᠢᠭ ᠰᠢᠯ ᠪᠤᠳᠤᠭ ᠤᠨ ᠪᠠᠭᠤᠪᠴᠢ ᠦᠢᠯᠡᠳᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/18
     ᠲᠦᠷᠦᠭᠦᠬᠡᠨ᠂ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠡᠷᠲᠡᠮᠲᠡᠳ ᠡᠭᠡᠯᠴᠦᠳ ᠴᠦᠮ ᠰᠣᠨᠢᠷᠬᠠᠬᠤ︾ ᠰᠢᠯ ᠪᠤᠳᠤᠭ ᠤᠨ ᠪᠠᠭᠤᠪᠴᠢ ᠦᠢᠯᠡᠳᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠡᠬᠢᠯᠡᠬᠦ ᠦᠶ᠎ᠡ ᠳᠤ᠂ ᠲᠠᠶᠢᠯᠪᠤᠷᠢᠯᠠᠭᠴᠢ ᠠᠮᠢᠳᠤᠯᠢᠭ ᠦᠭᠡ ᠬᠡᠯᠡ᠂ ᠡᠯᠪᠡᠭ ᠪᠠᠶᠠᠯᠢᠭ ᠵᠢᠷᠤᠭ ᠪᠢᠴᠢᠭ ᠮᠠᠲ᠋ᠧᠷᠢᠶᠠᠯ ᠢᠶᠠᠷ ᠬᠡᠯᠬᠢᠶ᠎ᠡ ᠰᠤᠪᠤᠳ ᠤᠨ ᠤᠷᠠᠯᠢᠭ ᠤᠨ ᠲᠡᠦᠬᠡ ᠶᠢᠨ ᠡᠬᠢ ᠰᠤᠷᠪᠤᠯᠵᠢ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠶᠠᠷᠢᠪᠠ᠃ ᠪᠠᠯᠠᠷ ᠡᠷᠲᠡᠨ ᠤ ᠨᠡᠶᠢᠭᠡᠮ ᠤᠨ ᠬᠡᠯᠬᠢᠶ᠎ᠡ ᠴᠢᠮᠡᠭᠯᠡᠯ ᠠᠴᠠ ᠡᠭᠦᠰᠴᠦ᠂ ᠡᠯ᠎ᠡ ᠲᠥᠷᠥ ᠡᠯ᠎ᠡ ᠦᠶ᠎ᠡ ᠶᠢᠨ ᠬᠡᠯᠬᠢᠶ᠎ᠡ ᠰᠤᠪᠤᠳ ᠤᠨ ᠬᠤᠪᠴᠠᠰᠤ ᠵᠠᠰᠠᠯ᠂ ᠵᠠᠰᠠᠯ ᠴᠢᠮᠡᠭᠯᠡᠯ᠂ ᠱᠠᠰᠢᠨ ᠰᠤᠷᠲᠠᠬᠤᠨ ᠵᠡᠷᠭᠡ ᠬᠦᠷᠢᠶᠡᠨ ᠳᠠᠬᠢ ᠬᠤᠪᠢᠷᠠᠯᠲᠠ ᠬᠡᠷᠡᠭᠯᠡᠯᠲᠡ ᠳᠤ ᠬᠦᠷᠲᠡᠯ᠎ᠡ᠂ ᠣᠷᠣᠯᠴᠠᠭᠰᠠᠳ ᠲᠤ ᠬᠡᠯᠬᠢᠶ᠎ᠡ ᠰᠤᠪᠤᠳ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠲᠠᠲᠠᠬᠤ ᠬᠦᠴᠦᠨ ᠪᠠ ᠭᠦᠨ ᠵᠤᠵᠠᠭᠠᠨ ᠠᠭᠤᠯᠬᠤᠨ ᠪᠣᠯᠤᠭᠰᠠᠨ ᠤ ᠬᠤᠪᠢ ᠳᠤ᠂ ᠲᠤᠬᠠᠶ ᠶᠢᠨ ᠲᠠᠯᠠᠪᠠᠢ ᠳᠤ ᠰᠣᠨᠣᠰᠤᠭᠴᠢᠳ ᠪᠦᠭᠦᠳᠡᠭᠡᠷ ᠢᠶᠠᠨ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠤᠷᠲᠤ ᠠᠶᠠᠨ ᠳᠤ ᠰᠤᠭᠲᠤᠭᠤᠷᠠᠵᠤ᠂ ᠪᠠᠶᠢᠨ ᠪᠠᠶᠢᠨ ᠱᠠᠭᠰᠢᠨ ᠭᠠᠶᠢᠬᠠᠪᠠ᠃
     ᠦᠢᠯᠡᠳᠬᠦ ᠵᠠᠩᠭᠢᠯᠠᠭ᠎ᠠ ᠳᠤ᠂ ᠨᠢᠳᠦ ᠳᠦᠭᠦᠷᠡᠩ ᠰᠢᠯ ᠪᠤᠳᠤᠭ ᠤᠨ ᠰᠤᠪᠤᠳ ᠮᠢᠷᠠᠯᠵᠠᠨ᠂ ᠨᠠᠷᠢᠯᠢᠭ ᠬᠢᠴᠡᠲᠡᠢ ᠰᠡᠯᠪᠢᠭ ᠲᠣᠨᠤᠭ ᠢ ᠨᠠᠷᠢᠨ ᠨᠢᠮᠪᠠᠢ ᠪᠡᠯᠡᠳᠬᠡᠪᠡ᠃ ᠨᠡᠶᠢᠭᠡᠮ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠣᠷᠣᠯᠴᠠᠭᠴᠢ ᠪᠦᠲᠦᠭᠡᠯᠴᠢ ᠴᠢᠳᠠᠪᠤᠷᠢ ᠪᠠ ᠭᠠᠷ ᠬᠥᠳᠡᠯᠬᠦ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠤᠪᠤᠳ ᠰᠣᠩᠭᠤᠬᠤ᠂ ᠥᠩᠭᠡ ᠪᠤᠳᠤᠭ ᠲᠣᠬᠢᠷᠠᠭᠤᠯᠬᠤ ᠠᠴᠠ ᠤᠲᠠᠰᠤ ᠬᠤᠯᠪᠤᠬᠤ᠂ ᠵᠠᠩᠭᠢᠳᠬᠤ᠂ ᠲᠣᠭᠲᠠᠪᠤᠷᠢᠵᠢᠭᠤᠯᠬᠤ ᠬᠦᠷᠲᠡᠯ᠎ᠡ᠂ ᠠᠯᠬᠤᠮ ᠪᠦᠷᠢ ᠨᠠᠷᠢᠨ ᠬᠢᠨᠠᠮᠠᠭᠠᠶ ᠠᠵᠢᠯᠯᠠᠵᠤ ᠪᠠᠶᠢᠪᠠ᠃ ᠤᠯᠠᠨ ᠢᠶᠠᠷ ᠢᠶᠠᠨ ᠬᠠᠷᠢᠯᠴᠠᠨ ᠰᠣᠯᠢᠯᠴᠠᠵᠤ᠂ ᠪᠦᠲᠦᠭᠡᠯᠴᠢ ᠰᠡᠳᠬᠢᠮᠵᠢ ᠪᠠᠨ ᠬᠤᠪᠢᠶᠠᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃
     ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠰᠠᠶᠢᠨ ᠰᠠᠶᠢᠬᠠᠨ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠢᠷᠡᠭᠡᠳᠦᠢ ᠳᠤ᠂  ᠶᠡᠭᠡ ᠵᠤᠤ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠡᠩ ᠤᠯᠠᠨ ᠪᠠᠶᠠᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠬᠥᠮᠦᠨ ᠳᠤ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠶᠢ ᠬᠠᠮᠲᠤᠪᠠᠷ ᠰᠠᠬᠢᠨ ᠬᠠᠮᠠᠭᠠᠯᠠᠬᠤ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号