ᠢᠦᠢ ᠴᠢᠤᠸᠠᠨ ᠲᠣᠭᠤᠷᠢᠭ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠭᠤᠣᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/18
     ᠢᠦᠢ ᠴᠢᠤᠸᠠᠨ ᠲᠣᠭᠤᠷᠢᠭ ᠤᠨ ᠪᠠᠭ᠎ᠠ ᠵᠣᠣ ᠡᠮᠦᠨ᠎ᠡ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠡᠪᠤᠨ ᠰᠤᠪᠤᠷᠭᠠᠲᠤ ᠰᠦᠮ᠎ᠡ ᠶᠢᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠲᠤ ᠬᠦᠷᠴᠦ᠂ ︽ᠭᠠᠷ  ᠬᠤᠯᠪᠤᠯᠴᠠᠨ ᠰᠢᠬᠢᠷ ᠰᠢᠵᠢᠩ ᠡᠪᠡᠳᠴᠢᠨ ᠢ ᠬᠠᠮᠲᠤᠪᠠᠷ ᠰᠡᠷᠭᠡᠶᠢᠯᠡᠬᠦ︾ ᠭᠤᠣᠯ ᠰᠡᠳᠦᠪᠲᠦ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠨ ᠤ ᠤᠨᠤᠰᠢᠯᠠᠨ ᠡᠮᠨᠡᠬᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠣᠯᠠᠨ ᠡᠰᠢᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠬᠠᠯᠬᠠᠪᠴᠢ ᠪᠠᠶᠢᠭᠤᠯᠵᠤ ᠥᠭᠪᠡ᠃
     ᠲᠤᠰ ᠠᠵᠢᠯᠯᠠᠭ᠎ᠠ ᠳᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠳᠣᠲᠣᠭᠠᠳᠤ ᠰᠢᠭᠦᠷᠡᠯ ᠤᠨ ᠰᠠᠯᠠᠭᠠᠨ ᠤ ᠡᠷᠬᠢᠯᠡᠭᠴᠢ ᠰᠢ ᠸᠧᠨ ᠴᠢ ᠶᠢ ᠤᠷᠢᠵᠤ ᠲᠤᠬᠠᠶ ᠶᠢᠨ ᠲᠠᠯᠠᠪᠤᠷ ᠲᠤ ᠡᠮᠴᠢᠯᠡᠭᠡ ᠬᠢᠯᠭᠡᠵᠦ᠂ ᠰᠠᠭᠤᠭᠠᠯᠢ ᠠᠷᠠᠳ ᠲᠤ ᠥᠪᠡᠷᠮᠢᠴᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠰᠦᠯ ᠬᠠᠩᠭᠠᠪᠠ᠃ ︽ᠨᠢᠭᠡ ᠳᠤ ᠨᠢᠭᠡ︾  ᠶᠢᠨ ᠠᠰᠠᠭᠤᠨ ᠯᠠᠪᠯᠠᠬᠤ᠂ ᠡᠮ ᠬᠡᠷᠡᠭᠯᠡᠬᠦ ᠵᠢᠯᠣᠭᠤᠳᠣᠯᠭ᠎ᠠ᠂ ᠢᠳᠡᠭᠡᠨ ᠤᠮᠳᠠᠭᠠᠨ ᠤ ᠲᠥᠯᠥᠪᠵᠢᠭᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠭᠤᠤᠯ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠰᠢᠬᠢᠷ ᠰᠢᠵᠢᠩ ᠡᠪᠡᠳᠴᠢᠨ ᠤ ᠡᠮᠦᠨᠡᠬᠢ ᠬᠤᠭᠤᠴᠠᠭᠠᠨ ᠤ ᠡᠪᠡᠳᠴᠢᠲᠡᠨ ᠳᠤ ᠴᠢᠭᠯᠡᠭᠦᠯᠦᠨ ᠭᠠᠷ ᠲᠦᠷᠦᠭᠦ ᠲᠥᠰᠦᠯ ᠲᠣᠭᠲᠠᠭᠠᠬᠤ ᠶᠢᠨ ᠬᠠᠮᠲᠤ ᠴᠢᠰᠤᠨ ᠰᠢᠬᠢᠷ ᠢ ᠬᠢᠨᠠᠨ ᠬᠡᠮᠵᠢᠵᠦ ᠵᠢᠷᠤᠮᠵᠢᠭᠤᠯᠤᠨ ᠠᠵᠢᠯᠯᠠᠭᠤᠯᠬᠤ ᠶᠢ ᠲᠤᠬᠠᠶ ᠶᠢᠨ ᠭᠠᠵᠠᠷ ᠲᠤᠨᠢ ᠦᠵᠡᠭᠦᠯᠦᠨ ᠲᠠᠨᠢᠭᠤᠯᠪᠠ᠃
     ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ ᠣᠯᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠰᠬᠠᠶ ᠲᠣᠭᠤᠷᠢᠭ ᠭᠠᠷᠭᠠᠵᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠴᠢᠰᠤᠨ ᠰᠢᠬᠢᠷ᠂ ᠴᠢᠰᠤᠨ ᠳᠠᠷᠤᠯᠲᠠ ᠶᠢ ᠰᠢᠯᠭᠠᠨ ᠪᠠᠶᠢᠴᠠᠭᠠᠵᠤ᠂ ᠵᠢᠷᠤᠭ ᠪᠢᠴᠢᠭ ᠢ ᠬᠤᠣᠰᠯᠠᠭᠤᠯᠤᠭᠰᠠᠨ ᠰᠡᠷᠭᠡᠶᠢᠯᠡᠨ ᠵᠠᠰᠠᠬᠤ ᠭᠠᠷ ᠳᠡᠪᠲᠡᠷ ᠢ ᠲᠠᠷᠬᠠᠭᠠᠪᠠ᠃ ᠡᠷᠡᠭᠦᠯ ᠮᠡᠨᠳᠦ ᠶᠢᠨ ᠯᠠᠪᠯᠠᠯᠭ᠎ᠠ ᠶᠢᠨ ᠲᠠᠪᠴᠠᠩ ᠤᠨ ᠡᠮᠦᠨ᠎ᠡ᠂ ᠡᠮᠨᠡᠯᠭᠡ ᠶᠢᠨ ᠠᠵᠢᠯᠲᠠᠳ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠪᠤᠳᠠᠰ ᠤᠨ ᠰᠣᠯᠢᠯᠴᠠᠭ᠎ᠠ ᠬᠡᠪ ᠤᠨ ᠪᠤᠰᠤ ᠪᠠᠶᠢᠭ᠎ᠠ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠲᠠᠷᠭᠤᠨ᠂ ᠤᠳᠤᠮᠰᠢᠯ ᠵᠡᠷᠭᠡ ᠰᠢᠬᠢᠷ ᠰᠢᠵᠢᠩ ᠡᠪᠡᠳᠴᠢᠨ ᠤ ᠠᠶᠤᠯ ᠶᠡᠬᠡᠲᠡᠶ ᠬᠦᠴᠦᠨ ᠵᠦᠢᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠭᠤᠤᠯᠳᠠᠯᠭ᠎ᠠ ᠲᠠᠢ ᠵᠠᠳᠠᠯᠪᠠ᠃
     ᠲᠣᠰ ᠠᠵᠢᠯᠯᠠᠭ᠎ᠠ ᠳᠤ ᠰᠢᠬᠢᠷ ᠰᠢᠵᠢᠩ ᠡᠪᠡᠳᠴᠢᠨ ᠤ ᠺᠯᠦ᠋ᠪ ᠤᠨ ᠭᠡᠰᠢᠭᠦᠨ ᠡᠯᠰᠡᠬᠦ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠲᠤᠬᠠᠶ ᠶᠢᠨ ᠡᠳᠦᠷ ᠲᠤ 5 ᠨᠡᠷᠡᠰ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠭᠡᠰᠢᠭᠦᠨ ᠨᠡᠮᠡᠬᠦ ᠶᠢᠨ ᠬᠠᠮᠲᠤ ᠡᠷᠦᠬᠡ ᠳᠤ ᠬᠦᠷᠴᠦ ᠦᠢᠯᠡᠴᠢᠯᠡᠬᠦ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷ ᠲᠤ ᠬᠦᠷᠴᠦ᠂ 12 ᠡᠷᠦᠬᠡ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠡᠶᠡᠯᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠬᠦᠷᠲᠡᠯ᠎ᠡ ᠤᠷᠲᠤᠳᠬᠠᠪᠠ᠃      ᠠᠵᠢᠯᠯᠠᠭ᠎ᠠ ᠨᠢ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠨᠡᠶᠢᠭᠡᠮ ᠲᠣᠭᠤᠷᠢᠭ ᠲᠤ ᠬᠦᠷᠭᠡᠵᠦ᠂ ᠰᠠᠭᠤᠭᠠᠯᠢ ᠠᠷᠠᠳ ᠤᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠰᠢᠬᠢᠷ ᠰᠢᠵᠢᠩ ᠡᠪᠡᠳᠴᠢᠨ ᠤ ᠭᠤᠷᠪᠠᠨ ᠳᠡᠰ ᠤᠨ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃      ᠬᠤᠶᠢᠰᠢᠳᠠ᠂ ᠪᠠᠭ᠎ᠠ ᠵᠣᠣ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ ᠰᠤᠷᠪᠤᠯᠵᠢᠯᠠᠬᠤ᠂ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号