ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 15 ᠤ ᠡᠳᠦᠷ ᠪᠡᠭᠡᠵᠢᠩ | ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠠᠳᠠᠭᠠᠳᠤ ᠶᠢᠨ ᠳᠠᠭᠠᠷᠢᠯᠲᠠ ᠠᠴᠠ ᠪᠣᠯᠤᠭᠰᠠᠨ ᠬᠦᠴᠢᠷᠳᠡᠯ ᠪᠠ | ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠨᠡᠩ ᠶᠡᠭᠡ ᠡᠷᠴᠢᠮ ᠢᠶᠠᠷ ᠬᠡᠷᠡᠭᠯᠡᠭᠡ ᠶᠢ ᠠᠬᠢᠭᠤᠯᠤᠨ᠂ ᠳᠣᠲᠣᠭᠠᠳᠤ | ᠬᠡᠷᠡᠭᠴᠡᠭᠡ ᠶᠢ ᠥᠷᠭᠡᠳᠬᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠵᠦ᠂ ᠮᠠᠨ ᠤ ᠤᠯᠤᠰ ᠤᠨ | ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠤᠯᠠᠮ ᠨᠢᠭᠡ ᠠᠯᠬᠤᠮ | ᠪᠠᠳᠠᠷᠠᠭᠤᠯᠬᠤ ᠬᠡᠷᠡᠭᠲᠡᠢ ᠭᠡᠵᠡᠢ᠃ | | | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠭᠠᠳᠠᠭᠠᠳᠤ ᠠᠷᠠᠯᠵᠢᠶᠠᠨ ᠤ | ᠰᠢᠯᠢᠳᠡᠭ ᠪᠦᠲᠦᠭᠡᠭᠳᠡᠬᠦᠨ ᠤ ᠵᠥᠩ ᠬᠤᠸᠠ ᠬᠠᠩ ᠤᠨ ᠰᠢ ᠳ᠋ᠠᠨ ᠳ᠋ᠠ ᠶᠤᠸᠠᠢ ᠴᠧᠩ ᠤᠨ ᠳᠡᠯᠭᠡᠨ ᠪᠣᠷᠣᠯᠠᠭᠤᠯᠬᠤ | ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠵᠤ ᠪᠠᠶᠢᠭ᠎ᠠ ᠪᠠ ᠳᠣᠲᠣᠭᠠᠳᠤ ᠳᠤ ᠪᠠᠨ | ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠳᠤ ᠭᠦᠨᠵᠡᠭᠡᠢ | ᠬᠤᠪᠢᠷᠠᠯᠲᠠ ᠭᠠᠷᠴᠤ᠂ ᠮᠠᠨ ᠤ ᠤᠯᠤᠰ ᠤᠨ ᠭᠠᠳᠠᠭᠠᠳᠤ ᠭᠠᠷᠭᠠᠯᠲᠠ ᠳᠤ ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ᠃ | ᠤᠯᠠᠨ ᠢᠶᠠᠷ ᠢᠶᠠᠨ ᠪᠦᠯᠬᠦᠮᠳᠡᠨ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠪᠡᠷᠬᠡ ᠶᠢ ᠢᠯᠠᠨ ᠳᠠᠪᠠᠵᠤ | ᠡᠷᠡᠯᠬᠡᠭᠯᠡᠨ ᠤᠷᠤᠭᠰᠢᠯᠠᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠵᠦ᠂ ᠠᠷᠠᠯᠵᠢᠶᠠᠨ ᠤ | ᠠᠷᠭ᠎ᠠ ᠵᠠᠮ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ ᠴᠢᠷᠮᠠᠶᠢᠨ | ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ | ᠰᠢᠯᠢᠳᠡᠭ ᠪᠦᠲᠦᠭᠡᠭᠳᠡᠬᠦᠨ ᠢᠶᠠᠷ ᠳᠣᠲᠣᠭᠠᠳᠤ ᠪᠣᠷᠤᠯᠠᠭᠤᠯᠭ᠎ᠠ ᠶᠢ ᠥᠷᠭᠡᠳᠬᠡᠬᠦ ᠲᠠᠪᠴᠠᠩ ᠢ ᠪᠠᠶᠢᠭᠤᠯᠵᠤ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢ ᠪᠣᠶᠢᠵᠢᠭᠤᠯᠵᠤ᠂ ᠠᠵᠤ ᠠᠬᠤᠶᠢᠯᠠᠯ ᠳᠤ | ᠰᠢᠭᠤᠳ ᠬᠦᠷᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠨᠡᠩ | ᠶᠡᠭᠡ ᠬᠦᠴᠦ ᠣᠷᠣᠭᠤᠯᠵᠤ᠂ ᠬᠡᠷᠡᠭᠯᠡᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠡᠷᠡᠭᠯᠡᠭᠡ ᠶᠢᠨ | ᠬᠦᠰᠡᠯᠲᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠰᠠᠶᠢᠨ ᠲᠠᠯ᠎ᠠ ᠶᠢᠨ ᠥᠷᠢᠰᠦᠯᠳᠦᠭᠡᠨ ᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠳᠠᠪᠠᠭᠤᠯᠢᠭ ᠲᠠᠯ᠎ᠠ ᠳᠤ ᠪᠠᠨ ᠰᠠᠭᠤᠷᠢᠯᠠᠨ ᠵᠥᠷᠢᠶ᠎ᠡ ᠲᠠᠢ ᠪᠠᠷ ᠬᠥᠭᠵᠢᠭᠦᠯᠵᠦ᠂ ᠦᠢᠯᠡᠳᠬᠦᠨ ᠪᠠ | ᠦᠢᠯᠡᠴᠢᠯᠡᠭᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ ᠳᠠᠮᠵᠢᠭᠤᠯᠤᠨ ᠥᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠪᠤᠢ ᠪᠣᠯᠭᠠᠬᠤ ᠬᠡᠷᠡᠭᠲᠡᠢ ᠭᠡᠵᠡᠢ᠃ | | | | | | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ ᠯᠢ ᠴᠢᠶᠠᠩ ᠪᠧᠢ ᠲᠧᠦ ᠺᠧ ᠴᠤᠸᠠᠩ | ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ | ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠵᠤ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | | ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ | ᠵᠦᠢᠯ ᠤᠨ ᠲᠤᠬᠠᠢ ᠶᠢᠨ ᠲᠠᠯᠠᠪᠤᠷ ᠲᠤ᠂ ᠯᠢ ᠴᠢᠶᠠᠩ ᠪᠡᠭᠡᠵᠢᠩ ᠬᠤᠲᠠ ᠶᠢᠨ ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ | ᠣᠷᠣᠭᠤᠯᠤᠨ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ | ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠯᠢᠭᠡᠷ ᠶᠠᠩᠵᠤᠲᠤ | ᠥᠷᠥᠭᠡ ᠪᠠ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠨᠢ ᠪᠠᠶᠢᠴᠠᠭᠠᠨ ᠦᠵᠡᠵᠦ᠂ ᠨᠡᠶᠢᠲᠡ ᠶᠢᠨ ᠪᠠᠶᠢᠷᠢ ᠳᠤ ᠣᠷᠣᠵᠤ | ᠰᠠᠭᠤᠭᠰᠠᠨ ᠲᠤᠰᠬᠠᠢ ᠮᠡᠷᠭᠡᠵᠢᠯᠲᠡᠨ ᠯᠦᠭᠡ ᠶᠠᠷᠢᠯᠴᠠᠵᠤ᠂ ᠪᠡᠭᠡᠵᠢᠩ ᠬᠤᠲᠠ ᠶᠢᠨ ᠬᠠᠮᠢᠶ᠎ᠠ ᠪᠦᠬᠦᠢ ᠠᠷᠭ᠎ᠠ ᠬᠢᠳᠡᠯ ᠢ | ᠨᠤᠲᠠᠯᠠᠪᠠ᠃ |