ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ | ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ ᠠᠰᠠᠷ ᠲᠤ ᠠᠭᠤᠯᠵᠠᠯᠲᠠ | ᠬᠢᠪᠡ᠃ | | | | | | 4 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ | ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠠᠭᠤᠯᠵᠠᠯᠲᠠ ᠬᠢᠪᠡ᠃ | ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | | | ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠣᠯ ᠨᠥᠭᠦᠷᠰᠡᠭ ᠬᠥᠷᠰᠢ ᠤᠯᠤᠰ ᠮᠥᠨ᠂ ᠨᠡᠩ ᠴᠤ | ᠰᠡᠳᠬᠢᠯ ᠤᠨ ᠨᠠᠶᠢᠵᠠ ᠮᠥᠨ᠃ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ | ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠮᠥᠨ᠃ ᠣᠳᠣᠬᠠᠨ ᠳᠤ ᠳᠤᠮᠳᠠᠳᠤ ᠺᠠᠮᠪᠤᠵᠠ ᠬᠤᠶᠠᠷ ᠤᠯᠤᠰ | ᠴᠥᠮ ᠬᠥᠭᠵᠢᠯᠲᠡ ᠶᠢᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠠᠷᠠᠳ ᠲᠦᠮᠡᠨ ᠤ | ᠪᠤᠶᠠᠨ ᠵᠢᠷᠭᠠᠯ ᠳᠤ ᠰᠡᠳᠬᠢᠯ ᠲᠠᠯᠪᠢᠵᠤ᠂ ᠬᠡᠬᠦᠳᠡᠭ ᠴᠡᠭᠡᠵᠢᠨ ᠳᠡᠭᠡᠨ ᠬᠥᠮᠥᠨ ᠲᠥᠷᠥᠯᠬᠢᠲᠡᠨ ᠤ ᠲᠠᠪᠰᠢᠯᠳᠠ ᠶᠢ ᠪᠠᠭᠲᠠᠭᠠᠵᠤ᠂ | ᠲᠤᠰ ᠲᠤᠰ ᠤᠨ ᠢᠶᠠᠨ ᠣᠳᠣᠬᠢᠴᠢᠯᠠᠯᠲᠠ ᠶᠢ ᠠᠬᠢᠭᠤᠯᠬᠤ ᠠᠬᠢᠴᠠ ᠳᠤᠮᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠳᠤ ᠦᠯᠢᠭᠡᠷ ᠵᠢᠱᠢᠶ᠎ᠡ ᠦᠵᠡᠭᠦᠯᠵᠦ᠂ ᠭᠠᠷ ᠬᠤᠯᠪᠣᠨ ᠳᠡᠯᠡᠬᠡᠢ ᠶᠢᠨ ᠵᠠᠭᠤᠨ ᠵᠢᠯ ᠳᠤ | ᠲᠣᠬᠢᠶᠠᠯᠳᠤᠭ᠎ᠠ ᠦᠭᠡᠢ ᠬᠤᠪᠢᠰᠤᠯᠲᠠ ᠳᠤᠮᠳᠠ ᠡᠩᠬᠡ ᠲᠠᠶᠢᠪᠤᠩ ᠤᠨ ᠬᠦᠴᠦᠨ᠂ ᠲᠣᠭᠲᠠᠭᠤᠨ ᠤ ᠬᠦᠴᠦᠨ᠂ | ᠲᠠᠪᠰᠢᠯᠳᠠ ᠶᠢᠨ ᠬᠦᠴᠦᠨ ᠪᠣᠯᠣᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠺᠠᠮᠪᠤᠵᠠ ᠶᠢᠨ ᠤᠯᠤᠰ ᠤᠨ ᠬᠥᠭᠵᠢᠯ ᠮᠠᠨᠳᠤᠯ ᠤᠨ ᠵᠠᠮ ᠯᠠᠪᠲᠠᠢ | ᠶᠠᠪᠤᠬᠤ ᠳᠤᠳᠤᠮ ᠥᠷᠭᠡᠨ ᠳᠠᠷᠳᠠᠩ ᠪᠤᠯᠬᠤ ᠶᠢ ᠢᠲᠡᠭᠡᠵᠦ ᠪᠠᠶᠢᠨ᠎ᠠ᠂ ᠺᠠᠮᠪᠤᠵᠠ ᠶᠢᠨ ᠠᠷᠠᠳ ᠤᠨ ᠨᠠᠮ ᠤᠨ ᠺᠠᠮᠪᠤᠵᠠ ᠶᠢᠨ | ᠠᠷᠠᠳ ᠲᠦᠮᠡᠨ ᠢ ᠳᠠᠭᠠᠭᠤᠯᠤᠨ ᠤᠯᠤᠰ ᠤᠨ ᠲᠣᠭᠲᠠᠭᠤᠨ ᠪᠣᠯᠣᠨ ᠠᠵᠤ ᠠᠬᠤᠢ ᠶᠢᠨ ᠬᠥᠭᠵᠢᠯᠲᠡ ᠪᠠᠨ ᠪᠠᠲᠤᠯᠠᠬᠤ ᠶᠢ | ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠺᠠᠮᠪᠤᠵᠠ ᠶᠢᠨ ᠭᠠᠵᠠᠷ ᠣᠷᠣᠨ ᠪᠣᠯᠣᠨ ᠤᠯᠠᠨ ᠤᠯᠤᠰ ᠤᠨ ᠲᠠᠪᠴᠠᠩ | ᠳᠡᠭᠡᠷ᠎ᠡ ᠨᠡᠩ ᠴᠢᠬᠤᠯᠠ ᠦᠢᠯᠡᠳᠦᠯ ᠦᠵᠡᠭᠦᠯᠭᠦ ᠶᠢ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠪᠠᠷ ᠪᠠᠶᠢᠭᠤᠯᠤᠭᠰᠠᠨ | ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ | ︽2 + 2︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠲᠤᠷ ᠠᠰᠢᠭᠯᠠᠵᠤ᠂ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠶ᠎ᠠ᠃ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠺᠠᠮᠪᠤᠵᠠ ᠶᠢᠨ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾᠂ ︽ᠠᠮᠤ | ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠪᠠ ᠡᠨᠧᠷᠭᠢ᠂ ᠵᠠᠮ ᠬᠠᠷᠢᠯᠴᠠᠭ᠎ᠠ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠰᠠᠶᠢᠲᠤᠷ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ | ᠺᠠᠮᠪᠤᠵᠠ ᠳᠤ ᠨᠡᠩ ᠤᠯᠠᠨ ᠡᠳ᠋ᠯᠡᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠰᠡᠳᠦᠪ ᠤᠨ ᠲᠤᠬᠠᠢ ᠺᠠᠮᠪᠤᠵᠠ ᠯᠤᠭ᠎ᠠ ᠰᠣᠯᠢᠯᠴᠠᠭ᠎ᠠ ᠬᠢᠵᠦ ᠲᠣᠯᠢ | ᠪᠤᠯᠭᠠᠵᠤ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠪᠣᠯᠣᠨ ᠺᠠᠮᠪᠤᠵᠠ ᠶᠢᠨ ᠳᠡᠭᠡᠳᠦ ᠵᠥᠪᠯᠡᠯ᠂ ᠤᠯᠤᠰ ᠤᠨ ᠬᠤᠷᠠᠯ ᠤᠨ ᠨᠥᠭᠦᠷᠰᠡᠭ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠨ ᠤᠯᠠᠨ ᠲᠤᠶᠢᠯᠵᠢᠯᠲᠡ᠂ ᠠᠵᠤ ᠠᠬᠤᠢ ᠶᠢᠨ ᠳᠡᠯᠡᠬᠡᠶᠢᠵᠢᠯᠲᠡ᠂ ᠪᠣᠯᠪᠠᠰᠤᠨ ᠤ ᠤᠯᠠᠨ | ᠶᠠᠩᠵᠤᠵᠢᠯᠳᠠ ᠶᠢᠨ ᠴᠠᠭ ᠦᠶ᠎ᠡ ᠶᠢᠨ ᠤᠷᠤᠰᠬᠠᠯ ᠬᠤᠷᠢᠭᠯᠠᠭᠳᠠᠰᠢ ᠦᠭᠡᠢ᠂ ᠭᠠᠭᠴᠠ ᠲᠠᠯᠠᠲᠤ ᠦᠵᠡᠯ ᠪᠣᠯᠣᠨ ᠡᠵᠡᠷᠬᠡᠬᠦ | ᠦᠵᠡᠯ ᠬᠥᠮᠥᠰ ᠤᠨ ᠰᠡᠳᠬᠢᠯ ᠢ ᠣᠯᠬᠤ ᠦᠭᠡᠢ᠂ ᠠᠯᠢ ᠴᠤ ᠤᠯᠤᠰ ᠭᠡᠳ ᠪᠢᠲᠡᠭᠦᠮᠵᠢᠯᠡᠭᠰᠡᠨ ᠲᠦᠭᠵᠢᠮᠡᠯ ᠪᠠᠶᠢᠳᠠᠯ ᠳᠠᠭᠠᠨ | ᠪᠤᠴᠠᠬᠤ ᠳᠤᠷ᠎ᠠ ᠦᠭᠡᠢ ᠶᠤᠮ ᠭᠡᠳᠡᠭ ᠢ ᠲᠡᠦᠬᠡ ᠭᠡᠷᠡᠴᠢᠯᠡᠭᠰᠡᠨ ᠪᠠᠶᠢᠨ᠎ᠠ᠃ ᠠᠷᠠᠯᠵᠢᠶᠠᠨ ᠤ ᠲᠠᠶᠢᠨ ᠨᠢ ᠤᠯᠠᠨ ᠲᠠᠯᠠᠲᠤ | ᠠᠷᠠᠯᠵᠢᠶᠠᠨ ᠤ ᠪᠠᠶᠢᠭᠤᠯᠤᠯ ᠢ ᠡᠪᠳᠡᠬᠦ ᠪᠥᠭᠡᠳ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠳᠤ ᠴᠣᠬᠢᠯᠲᠠ | ᠦᠵᠡᠭᠦᠯᠳᠡᠭ᠂ ᠡᠯ᠎ᠡ ᠤᠯᠤᠰ ᠪᠦᠯᠬᠦᠮᠳᠡᠵᠡᠭᠡᠵᠦ᠂ ᠤᠯᠤᠰ ᠤᠨ ᠠᠮᠤᠷ ᠲᠦᠪᠰᠢᠨ ᠪᠣᠯᠣᠨ ᠬᠥᠭᠵᠢᠯᠲᠡ ᠶᠢᠨ ᠭᠤᠣᠯᠯᠠᠬᠤ | ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠤᠶ᠎ᠠ᠃ ᠠᠽᠢᠶ᠎ᠠ ᠲᠢᠪ ᠤᠨ ᠪᠦᠬᠦᠯᠢ ᠴᠣᠭᠴᠠ ᠶᠢᠨ ᠬᠥᠭᠵᠢᠯ ᠮᠠᠨᠳᠤᠯ ᠢ ᠪᠡᠶᠡᠯᠡᠭᠦᠯᠬᠦ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ | ᠣᠶᠢᠯᠠᠭᠠᠭᠳᠠᠬᠤᠨ ᠪᠣᠯᠣᠨ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ | ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ ᠢ ᠪᠠᠲᠤᠯᠠᠵᠤ᠂ ᠡᠷᠭᠢᠨ ᠲᠣᠭᠤᠷᠢᠨ ᠤ ᠤᠯᠤᠰ ᠤᠳ | ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠦᠷ᠎ᠡ ᠪᠦᠲᠦᠭᠡᠯ ᠢᠶᠠᠷ ᠬᠥᠷᠰᠢ ᠵᠡᠷᠭᠡᠯᠡᠳᠡᠭᠡ ᠳᠡᠭᠡᠨ ᠨᠡᠩ ᠤᠯᠠᠨ ᠠᠰᠢᠭ ᠬᠦᠷᠲᠡᠭᠡᠵᠦ᠂ ᠬᠥᠷᠰᠢ | ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ ᠤᠨ | ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠬᠤᠩᠰᠧᠨ᠂ ᠲᠡᠷᠢᠭᠦᠯᠡᠭᠴᠢ ᠰᠢ ᠶᠢᠨ ᠫᠢᠩ ᠤᠨ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠲᠤᠰ ᠤᠳᠠᠭ᠎ᠠ ᠶᠢᠨ ᠠᠶᠢᠯᠴᠢᠯᠠᠯᠲᠠ ᠺᠠᠮᠪᠤᠵᠠ ᠶᠢᠨ ᠬᠢᠨ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠨᠢᠳᠤᠨᠤᠨ ᠤ ᠨᠡᠮᠡᠭᠳᠡᠯ ᠤᠨ ᠬᠠᠷᠠᠯᠲᠠ ᠪᠠᠨ ᠤᠷᠤᠭᠰᠢᠲᠠᠢ | ᠪᠡᠶᠡᠯᠡᠭᠦᠯᠦᠭᠰᠡᠨ ᠪᠥᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠬᠦ ᠲᠠᠯ᠎ᠠ ᠪᠠᠷ ᠬᠥᠮᠥᠰ ᠤᠨ | ᠠᠩᠬᠠᠷᠤᠯ ᠢ ᠲᠠᠲᠠᠭᠰᠠᠨ ᠠᠮᠵᠢᠯᠲᠠ ᠣᠯᠣᠭᠰᠠᠨ ᠳᠤ ᠺᠠᠮᠪᠤᠵᠠ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ | ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠡᠷᠡᠰ ᠪᠠᠲᠤ ᠳᠡᠮᠵᠢᠭᠴᠢ᠂ ᠬᠠᠮᠤᠭ ᠤᠨ ᠨᠠᠶᠢᠳᠠᠪᠤᠷᠢᠲᠠᠢ | ᠬᠠᠮᠲᠤᠷᠠᠯᠴᠠᠭᠠᠨ ᠤ ᠬᠠᠨᠢᠲᠠᠨ ᠮᠥᠨ᠂ ᠺᠠᠮᠪᠤᠵᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠳᠤᠮᠳᠠᠳᠤ ᠤᠯᠤᠰ ᠤᠨ ᠳᠡᠮᠵᠢᠯᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠳᠤ ᠺᠠᠮᠪᠤᠵᠠ ᠭᠦᠨ | ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠳᠤᠮᠳᠠᠳᠤ ᠶᠢᠨ ᠲᠠᠯ᠎ᠠ ᠶᠢᠨ ᠲᠠᠶᠢᠸᠠᠨ᠂ ᠰᠢᠨᠵᠢᠶᠠᠩ ᠳᠤ ᠬᠤᠯᠪᠣᠭᠳᠠᠬᠤ᠂ ᠲᠥᠪᠡᠳ ᠲᠤ ᠬᠤᠯᠪᠣᠭᠳᠠᠬᠤ | ᠵᠡᠷᠭᠡ ᠠᠰᠠᠭᠤᠳᠠᠯ ᠳᠡᠭᠡᠷᠡᠬᠢ ᠵᠣᠭᠰᠣᠯᠲᠠ ᠶᠢ ᠲᠡᠮᠵᠢᠵᠤ᠂ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ | ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ᠃ ᠺᠠᠮᠪᠤᠵᠠ ᠳᠤᠮᠳᠠᠳᠤ ᠶᠢᠨ ᠬᠤᠭᠤᠷᠣᠨᠳᠤ ᠬᠠᠳᠠᠨ ᠪᠠᠲᠤ ᠨᠥᠬᠦᠷᠯᠡᠯ ᠢ | ᠪᠠᠶᠢᠭᠤᠯᠤᠭᠰᠠᠨ ᠶᠤᠮ᠃ ᠬᠤᠶᠠᠷ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠴᠢᠷᠮᠠᠶᠢᠭᠰᠠᠨ ᠳᠡᠭᠡᠷ᠎ᠡ ᠴᠢᠷᠮᠠᠶᠢᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ | ᠲᠦᠪᠰᠢᠨ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠦᠬᠦᠢ ᠬᠥᠭᠵᠢᠯᠲᠡ ᠶᠢ ᠠᠬᠢᠭᠤᠯᠵᠤ᠂ ᠢᠮᠠᠭᠲᠠ ᠭᠠᠷ ᠬᠤᠯᠪᠣᠨ | ᠵᠡᠷᠭᠡ ᠪᠠᠷ ᠤᠷᠤᠭᠰᠢᠯᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠤᠪᠢ ᠵᠠᠶᠠᠭ᠎ᠠ ᠪᠠᠨ ᠬᠠᠮᠲᠤᠳᠬᠠᠬᠤ ᠪᠠᠷ | ᠲᠣᠭᠲᠠᠪᠠ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠯᠵᠢᠶ᠎ᠠ ᠪᠠᠨ ᠥᠷᠭᠡᠳᠬᠡᠨ᠎ᠡ᠃ ᠨᠡᠩ ᠤᠯᠠᠨ ᠳᠤᠮᠳᠠᠳᠤ | ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ | ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ ᠭᠦᠨᠵᠡᠭᠡᠢ ᠴᠣᠬᠢᠯᠲᠠ ᠥᠭᠭᠦᠨ᠎ᠡ᠃ ᠺᠠᠮᠪᠤᠵᠠ ᠶᠢᠨ ᠬᠢᠨ ᠳᠤᠮᠳᠠᠳᠤ | ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠦᠷᠭᠦᠯᠵᠢᠯᠡᠬᠦ ᠬᠥᠭᠵᠢᠯᠲᠡ ᠳᠤ ᠦᠵᠡᠭᠦᠯᠦᠭᠰᠡᠨ ᠪᠦᠲᠦᠭᠡᠯᠴᠢ | ᠴᠢᠨᠠᠷᠲᠠᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠶᠢᠨ ᠬᠢᠨ ᠤ ᠳᠤᠷᠠᠳᠤᠭᠰᠠᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠣᠯᠣᠨ ᠭᠤᠷᠪᠠᠨ ᠶᠡᠭᠡ ᠪᠦᠭᠦ | ᠪᠥᠮᠪᠥᠷᠴᠡᠭ ᠤᠨ ᠰᠠᠨᠠᠭᠠᠴᠢᠯᠠᠭ᠎ᠠ ᠶᠢ ᠳᠡᠮᠵᠢᠨ᠎ᠠ᠃ ᠡᠨᠡ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠠᠬᠢᠭᠤᠯᠬᠤ ᠳᠤ ᠠᠰᠢᠭᠲᠠᠢ ᠶᠤᠮ᠃ ᠠᠷᠠᠯᠵᠢᠶᠠᠨ ᠤ | ᠲᠠᠶᠢᠨ᠂ ᠪᠣᠭᠤᠮᠲᠠ ᠶᠢᠨ ᠭᠠᠶᠢᠯᠢ ᠶᠢᠨ ᠲᠠᠶᠢᠨ ᠨᠢ ᠡᠯ᠎ᠡ ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠤᠬᠢᠷᠠᠭᠤᠯᠵᠤ᠂ | ᠳᠡᠯᠡᠬᠡᠢ ᠶᠢᠨ ᠪᠠᠶᠢᠳᠠᠯ ᠢ ᠲᠣᠭᠲᠠᠭᠤᠨ ᠪᠤᠰᠤ ᠪᠣᠯᠭᠠᠪᠠ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ | ᠠᠷᠭᠠᠴᠠᠭᠠᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ |