ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠨᠤᠮ ᠪᠧᠩ ᠳᠤ ᠬᠦᠷᠴᠦ ᠺᠠᠮᠪᠤᠵᠠ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠲᠠᠰᠢᠷᠠᠮ ᠢᠶᠠᠷ ᠺᠠᠮᠪᠤᠵᠠ ᠶᠢᠨ ︽ᠺᠮᠧᠷ ᠤᠨ ᠴᠠᠭ ᠰᠣᠨᠢᠨ︾᠂ ︽ᠺᠠᠮᠪᠤᠵᠠ ᠳᠤᠮᠳᠠᠳᠤ ᠶᠢᠨ ᠡᠳᠦᠷ ᠤᠨ | ᠰᠣᠨᠢᠨ︾ ᠪᠣᠯᠣᠨ ᠺᠠᠮᠪᠤᠵᠠ ᠶᠢᠨ ︽ᠰᠢᠨ᠎ᠡ ᠰᠡᠪᠡᠭᠦᠨ ᠰᠣᠨᠢᠨ ᠮᠡᠳᠡᠭᠡ︾ ᠰᠦᠯᠵᠢᠶ᠎ᠡ ᠳᠤ ︽ᠥᠭᠡᠳᠡ ᠥᠭᠡᠳᠡ ᠠᠴᠠ ᠪᠠᠨ | ᠲᠡᠮᠡᠦᠯᠵᠦ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ︾ | ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠥᠭᠡᠳᠡ ᠥᠭᠡᠳᠡ ᠠᠴᠠ ᠪᠠᠨ ᠲᠡᠮᠡᠦᠯᠵᠦ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ | ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ ᠤᠷᠢᠯᠭ᠎ᠠ ᠪᠠᠷ ᠰᠠᠶᠢᠨ | ᠨᠠᠶᠢᠵᠠ ᠶᠢᠨ ᠳᠠᠭᠠᠨ ᠠᠶᠢᠯᠴᠢᠯᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠠᠬ᠎ᠠ ᠳᠡᠭᠦᠦ ᠺᠠᠮᠪᠤᠵᠠ ᠶᠢᠨ ᠠᠷᠠᠳ | ᠲᠦᠮᠡᠨ ᠳᠤ ᠬᠠᠮᠤᠭ ᠤᠨ ᠰᠠᠶᠢᠨ ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 9 ᠵᠢᠯ ᠤᠨ | ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠪᠠᠷ | ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ | ᠪᠤᠯᠬᠤ ᠶᠢ ᠬᠥᠲᠥᠯᠥᠨ ᠳᠠᠭᠠᠭᠤᠯᠵᠤ ᠶᠢ ᠬᠦᠰᠡᠵᠦ ᠪᠠᠶᠢᠨ᠎ᠠ᠃ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠲᠡᠦᠬᠡ ᠶᠢᠨ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠪᠣᠯᠣᠨ ᠺᠠᠮᠪᠤᠵᠠ ᠶᠢᠨ ᠭᠠᠵᠠᠷ ᠵᠦᠢ ᠶᠢᠨ | ᠪᠠᠶᠢᠷᠢᠯᠠᠯ ᠤᠶᠢᠷᠠᠯᠴᠠᠭ᠎ᠠ ᠪᠠᠶᠢᠵᠤ᠂ ᠨᠥᠭᠦᠷᠰᠡᠭ ᠶᠠᠪᠤᠯᠴᠠᠭ᠎ᠠ ᠶᠢ 2000 ᠰᠢᠬᠠᠮ ᠵᠢᠯ ᠤᠨ ᠡᠮᠦᠨ᠎ᠡ ᠭᠦᠷᠲᠡᠯ᠎ᠡ ᠮᠥᠷᠳᠡᠵᠦ | ᠪᠣᠯᠣᠨ᠎ᠠ᠃ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠳᠤ ᠺᠮᠧᠷ ᠸᠠᠩ ᠤᠨ ᠤᠭᠰᠠᠭᠠᠨ ᠤ ᠪᠦᠷᠢᠯᠳᠦᠭᠦᠨ ᠳᠤᠮᠳᠠᠳᠤ | ᠤᠯᠤᠰ ᠤᠨ ᠴᠠᠩ ᠠᠨ ᠳᠤ ᠠᠶᠢᠯᠴᠢᠯᠠᠵᠤ᠂ ︽ᠪᠢᠨ ᠬᠠᠨ︾ ᠭᠡᠵᠦ ᠨᠡᠷᠡᠯᠡᠭᠳᠡᠨ ᠬᠦᠨᠳᠦᠳᠬᠡᠭᠳᠡᠪᠡ᠃ ᠲᠡᠷᠡ ᠦᠶ᠎ᠡ ᠠᠴᠠ | ᠡᠬᠢᠯᠡᠨ ᠬᠤᠶᠠᠷ ᠤᠯᠤᠰ ᠨᠢᠭᠲᠠ ᠶᠠᠪᠤᠯᠴᠠᠭᠰᠠᠭᠠᠷ ᠢᠷᠡᠵᠡᠢ᠃ ᠳᠤᠮᠳᠠᠳᠤ ᠤᠯᠤᠰ ᠤᠨ ᠱᠠᠭᠠᠵᠠᠩ ᠡᠳ᠋ᠯᠡᠯ᠂ ᠰᠢᠷᠳᠡᠮᠡᠯ ᠡᠳ᠋ᠯᠡᠯ | ᠲᠡᠯᠡᠶ ᠳᠡᠭᠡᠷᠡᠬᠢ ᠲᠣᠷᠭᠠᠨ ᠵᠠᠮ ᠢᠶᠠᠷ ᠺᠠᠮᠪᠤᠵᠠ ᠳᠤ ᠬᠦᠷᠭᠡᠭᠳᠡᠵᠦ᠂ ᠺᠠᠮᠪᠤᠵᠠ ᠶᠢᠨ ᠦᠨᠦᠷᠲᠦ ᠡᠳ᠋᠂ ᠲᠣᠷᠭ᠎ᠠ ᠶᠢᠨ ᠲᠦᠭᠦᠬᠡᠢ | ᠮᠠᠲ᠋ᠧᠷᠢᠶᠠᠯ ᠵᠡᠷᠭᠡ ᠣᠨᠴᠠ ᠭᠠᠷᠤᠯᠲᠠ ᠳᠤᠮᠳᠠᠳᠤ ᠤᠯᠤᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠵᠤ᠂ ᠪᠠᠶᠤᠨ | ᠰᠦᠮ᠎ᠡ ᠶᠢᠨ ᠭᠦᠳᠦᠭᠦᠷ ᠱᠤᠭᠤᠮᠠᠯ ᠨᠢ ᠲᠡᠦᠬᠡᠨ ᠳᠡᠭᠡᠷᠡᠬᠢ ᠬᠤᠶᠠᠷ ᠤᠯᠤᠰ ᠤᠨ ᠠᠷᠠᠯᠵᠢᠶᠠᠨ ᠤ ᠦᠪᠡᠳᠡᠭᠰᠢ ᠪᠠᠶᠢᠳᠠᠯ ᠢ | ᠠᠮᠢᠯᠠᠭᠤᠯᠤᠨ ᠢᠯᠡᠷᠡᠭᠦᠯᠪᠡ᠃ ᠺᠠᠮᠪᠤᠵᠠ ᠶᠢᠨ ᠣᠯᠠᠨ ᠬᠤᠲᠤᠭᠲᠤ ᠯᠠᠮᠠ ᠳᠤᠮᠳᠠᠳᠤ ᠤᠯᠤᠰ ᠲᠤ ᠬᠦᠷᠴᠦ ᠨᠣᠮ ᠤᠯᠠᠮᠵᠢᠯᠠᠨ | ᠱᠠᠰᠢᠨ ᠳᠡᠯᠭᠡᠷᠡᠭᠦᠯᠵᠦ᠂ ᠳᠤᠮᠳᠠᠳᠤ ᠤᠯᠤᠰ ᠤᠨ ᠶᠤᠸᠠᠨ ᠤᠯᠤᠰ ᠤᠨ ᠵᠧᠦ ᠳ᠋ᠡ ᠭᠤᠸᠠᠨ ᠤ ᠵᠣᠬᠢᠶᠠᠭᠰᠠᠨ ︽ᠺᠮᠧᠷ ᠤᠨ | ᠨᠤᠲᠤᠭ ᠤᠰᠤᠨ ᠤ ᠲᠡᠮᠳᠡᠭᠯᠡᠯ︾ ᠨᠢ ᠺᠠᠮᠪᠤᠵᠠ ᠶᠢᠨ ᠲᠡᠦᠬᠡ ᠶᠢ ᠰᠤᠳᠤᠯᠬᠤ ᠴᠢᠬᠤᠯᠠ ᠲᠤᠯᠭᠤᠷ ᠪᠢᠴᠢᠭ ᠪᠣᠯᠤᠭᠰᠠᠨ | ᠪᠠᠶᠢᠨ᠎ᠠ᠃ ᠠᠭᠤᠤ ᠶᠡᠭᠡ ᠳᠤᠮᠳᠠᠳᠤ ᠶᠢᠨ ᠪᠣᠯᠪᠠᠰᠤᠨ ᠪᠣᠯᠣᠨ ᠺᠮᠧᠷ ᠤᠨ ᠪᠣᠯᠪᠠᠰᠤᠨ ᠥᠨᠢ ᠤᠳᠠᠭᠠᠨ ᠲᠡᠦᠬᠡ ᠶᠢᠨ ᠤᠷᠲᠤ | ᠠᠶᠠᠨ ᠢ ᠳᠤᠭᠤᠯᠵᠤ᠂ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠵᠢᠷᠤᠮ ᠡᠯᠪᠡᠷᠢᠯ ᠢ ᠬᠦᠨᠳᠦᠳᠬᠡᠬᠦ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠢᠯᠡ ᠲᠣᠳᠣ ᠣᠨᠴᠠᠯᠢᠭ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠠᠶᠢᠳ ᠵᠧᠦ ᠧᠨ ᠯᠠᠢ ᠵᠡᠷᠭᠡ ᠳᠤᠮᠳᠠᠳᠤ | ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ ᠰᠢᠬᠠᠨᠦ᠋ᠺᠧ ᠴᠢᠨ ᠸᠠᠩ ᠪᠣᠯ ᠳᠤᠮᠳᠠᠳᠤ | ᠺᠠᠮᠪᠤᠵᠠ ᠶᠢᠨ ᠨᠥᠬᠦᠷᠯᠡᠯ ᠤᠨ ᠦᠢᠯᠡᠰ ᠢ ᠬᠠᠮᠲᠤ ᠪᠠᠷ ᠴᠣᠭᠴᠠᠯᠠᠨ ᠪᠠᠶᠢᠭᠤᠯᠤᠭᠴᠢ ᠮᠥᠨ᠃ 70 ᠵᠢᠯ ᠤᠨ ᠡᠮᠦᠨ᠎ᠡ | ᠰᠢᠬᠠᠨᠥ᠋ᠺᠧ ᠴᠢᠨ ᠸᠠᠩ ᠪᠣᠯᠣᠨ ᠵᠧᠦ ᠧᠨ ᠯᠠᠢ ᠶᠡᠷᠦᠩᠬᠡᠢ ᠰᠠᠶᠢᠳ ᠪᠠᠨᠳᠥ᠋ᠩ ᠤᠨ ᠬᠤᠷᠠᠯ ᠳᠡᠭᠡᠷ᠎ᠡ ᠠᠭᠤᠯᠵᠠᠮᠠᠭᠴᠠ | ᠬᠠᠭᠤᠴᠢᠨ ᠲᠠᠨᠢᠯ ᠮᠡᠲᠦ ᠪᠠᠶᠢᠵᠤ᠂ ᠺᠠᠮᠪᠤᠵᠠ ᠶᠢᠨ ᠬᠢᠨ ᠳᠠᠪᠬᠤᠷ ᠳᠠᠪᠬᠤᠷ ᠬᠠᠷᠰᠢ ᠰᠠᠭᠠᠳ ᠢ ᠢᠯᠠᠨ ᠳᠠᠪᠠᠵᠤ 1958 | ᠣᠨ ᠳᠤ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠵᠤ᠂ ᠳᠤᠮᠳᠠᠳᠤ ᠤᠯᠤᠰ ᠤᠨ ᠬᠢᠨ | ᠺᠠᠮᠪᠤᠵᠠ ᠶᠢᠨ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠬᠦ᠂ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ | ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠪᠦᠭᠦ ᠬᠦᠴᠦ ᠪᠠᠷ ᠢᠶᠠᠨ ᠳᠡᠮᠵᠢᠪᠡ᠃ ᠬᠤᠶᠠᠷ ᠲᠠᠯ᠎ᠠ ᠢᠶᠠᠨ ᠬᠠᠮᠤᠭ ᠠᠴᠠ | ᠪᠠᠴᠢᠮ ᠬᠠᠪᠰᠤᠷᠤᠯᠭ᠎ᠠ ᠬᠦᠰᠡᠭᠰᠡᠨ ᠴᠠᠭ ᠮᠥᠴᠡ ᠳᠤ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠪᠠ᠃ ᠰᠢᠬᠠᠨᠦ᠋ᠺᠧ ᠴᠢᠨ ᠸᠠᠩ ᠳᠤᠮᠳᠠᠳᠤ ᠤᠯᠤᠰ ᠲᠤ 40 ᠰᠢᠬᠠᠮ ᠵᠢᠯ ᠠᠮᠢᠳᠤᠷᠠᠵᠤ᠂ ᠳᠤᠮᠳᠠᠳᠤ | ᠤᠯᠤᠰ ᠢ ᠬᠤᠶᠠᠳᠠᠭᠢ ᠨᠤᠲᠤᠭ ᠢᠶᠠᠷ ᠦᠵᠡᠵᠦ᠂ ᠲᠡᠭᠦᠨ ᠤ ᠵᠣᠬᠢᠶᠠᠨ ᠪᠦᠲᠦᠭᠡᠭᠰᠡᠨ ︽ᠳᠤᠮᠳᠠᠳᠤ ᠤᠯᠤᠰ ᠢ ᠳᠤᠷᠠᠰᠤᠨ | ᠰᠠᠨᠠᠭᠠᠯᠵᠠᠬᠤᠢ︾ ᠵᠡᠷᠭᠡ ᠳᠤᠮᠳᠠᠳᠤ ᠺᠠᠮᠪᠤᠵᠠ ᠶᠢᠨ ᠨᠥᠬᠦᠷᠯᠡᠯ ᠢ ᠮᠠᠭᠲᠠᠨ ᠳᠠᠭᠤᠯᠠᠭᠰᠠᠨ ᠳᠠᠭᠤᠤ ᠨᠢ ᠤᠳᠤ ᠪᠤᠯᠲᠠᠯ᠎ᠠ | ᠤᠯᠠᠮᠵᠢᠯᠠᠭᠳᠠᠭᠰᠠᠭᠠᠷ ᠪᠠᠶᠢᠨ᠎ᠠ᠃ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠵᠢᠯ ᠪᠦᠷᠢ ᠳᠤᠮᠳᠠᠳᠤ | ᠤᠯᠤᠰ ᠲᠤ ᠢᠷᠡᠳᠡᠭ ᠪᠥᠭᠡᠳ ᠪᠢ ᠬᠤᠶᠠᠷ ᠬᠠᠭᠠᠨᠲᠠᠨ ᠲᠠᠢ ᠣᠯᠠᠨ ᠤᠳᠠᠭ᠎ᠠ ᠠᠭᠤᠯᠵᠠᠵᠤ ᠵᠣᠭᠤᠭ ᠳᠡᠯᠭᠡᠪᠡ᠃ 2020 | ᠣᠨ ᠳᠤ ᠪᠢ ᠸᠠᠩ ᠤᠨ ᠡᠬᠡ ᠮᠤᠨᠢᠯᠢᠶᠧ ᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠥᠬᠦᠷᠯᠡᠯ ᠤᠨ | ᠭᠠᠪᠢᠶᠠᠨ ᠲᠡᠮᠳᠡᠭ︾ ᠣᠯᠭᠤᠪᠠ᠃ ᠡᠨᠡ ᠬᠦ ᠬᠦᠨᠳᠦ ᠶᠢᠨ ᠵᠢᠩ ᠲᠠᠢ ᠭᠠᠪᠢᠶᠠᠨ ᠲᠡᠮᠳᠡᠭ ᠨᠢ ᠳᠤᠮᠳᠠᠳᠤ ᠤᠯᠤᠰ ᠤᠨ ᠠᠷᠠᠳ | ᠲᠦᠮᠡᠨ ᠤ ᠺᠠᠮᠪᠤᠵᠠ ᠶᠢᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠲᠥᠯᠥᠭᠡᠯᠡᠵᠦ ᠪᠠᠶᠢᠨ᠎ᠠ᠃ ᠡᠷᠡᠨ | ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ ᠲᠤᠬᠠᠢ ᠶᠢᠨ ᠦᠶ᠎ᠡ ᠳᠤ ᠲᠡᠷᠢᠭᠦᠨ ᠰᠠᠶᠢᠳ ᠤᠨ ᠲᠤᠰᠢᠶᠠᠯ ᠢ ᠡᠭᠦᠷᠭᠡᠯᠡᠵᠦ | ᠪᠠᠶᠢᠭᠰᠠᠨ ᠬᠤᠩᠰᠧᠨ ᠰᠠᠯᠬᠢ ᠰᠢᠭᠤᠷᠭᠠᠨ ᠢ ᠰᠥᠷᠦᠨ ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠣᠯᠠᠨ | ᠡᠮᠴᠢᠯᠡᠭᠡᠨ ᠤ ᠠᠩᠭᠢ ᠲᠣᠮᠢᠯᠠᠨ ᠺᠠᠮᠪᠤᠵᠠ ᠶᠢ ᠲᠤᠰᠠᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠶᠡᠭᠡ ᠬᠡᠮᠵᠢᠶᠡᠨ ᠤ | ᠡᠮᠴᠢᠯᠡᠭᠡᠨ ᠤ ᠡᠳ᠋ ᠪᠣᠳᠠᠰ ᠬᠠᠩᠭᠠᠪᠠ᠃ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠡᠮᠦᠨ᠎ᠡ | ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠤ᠂ ᠭᠠᠷ | ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠺᠠᠮᠪᠤᠵᠠ ᠶᠢᠨ ᠬᠠᠳᠠᠨ ᠪᠠᠲᠤ | ᠨᠥᠬᠦᠷᠯᠡᠯ ᠢ ᠪᠠᠶᠢᠭᠤᠯᠪᠠ᠃ | ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ | ᠺᠠᠮᠪᠤᠵᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠤᠯᠤᠰ ᠪᠠ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ | ᠢᠷᠡᠯᠲᠡ ᠶᠢᠨ ᠤᠯᠤᠰ ᠪᠠᠶᠢᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠳᠤᠮᠳᠠᠳᠤ ᠺᠠᠮᠪᠤᠵᠠ ᠶᠢᠨ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠤᠨ ᠠᠵᠠ ᠳᠤᠭᠢᠶᠠᠯ ᠢ ᠠᠮᠵᠢᠭᠤᠯᠤᠨ ᠪᠠᠨᠠᠨᠠ᠂ ᠠᠪᠠᠷᠠᠶ᠂ ᠯᠣᠣ ᠶᠢᠨ ᠨᠢᠳᠦᠨ ᠬᠤᠰᠢᠭᠤᠲᠤ ᠲᠠᠷᠴᠠ ᠵᠡᠷᠭᠡ | ᠺᠠᠮᠪᠤᠵᠠ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ | ᠣᠷᠣᠪᠠ᠃ ᠳᠤᠮᠳᠠᠳᠤ ᠺᠠᠮᠪᠤᠵᠠ ᠶᠢᠨ ᠬᠠᠮᠲᠤᠷᠠᠨ ᠨᠡᠭᠡᠭᠡᠨ ᠬᠥᠭᠵᠢᠭᠦᠯᠦᠭᠰᠡᠨ ᠰᠢᠬᠠᠨᠦ᠋ᠺᠧ ᠭᠠᠷᠠᠮ ᠤᠨ ᠠᠵᠤ ᠠᠬᠤᠢ ᠶᠢᠨ | ᠣᠨᠴᠠᠭᠠᠢ ᠣᠷᠣᠨ ᠤᠯᠠᠨ ᠤᠯᠤᠰ ᠤᠨ 200 ᠭᠠᠷᠤᠢ ᠠᠵᠤ ᠠᠬᠤᠶᠢᠯᠠᠯ ᠢ ᠲᠡᠳᠡᠨ ᠠᠪᠴᠢᠷᠠᠵᠤ ᠨᠤᠲᠤᠭᠰᠢᠭᠤᠯᠵᠤ᠂ | ᠺᠠᠮᠪᠤᠵᠠ ᠶᠢᠨ ᠠᠵᠤ ᠦᠢᠯᠡᠳᠪᠦᠷᠢ ᠶᠢᠨ ᠣᠳᠣᠬᠢᠴᠢᠯᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠺᠠᠮᠪᠤᠵᠠ ᠶᠢᠨ ᠠᠩᠬᠠᠳᠠᠭᠴᠢ ᠵᠤᠷᠪᠤᠰ ᠲᠦᠷᠭᠡᠨ ᠤ ᠵᠠᠰᠠᠮᠠᠯ ᠵᠠᠮ᠂ ᠠᠩᠬᠠᠳᠠᠭᠴᠢ ᠠᠭᠤᠯᠠᠨ ᠨᠢᠷᠤᠭᠤ ᠰᠤᠨᠳᠠᠯᠠᠭᠰᠠᠨ | ᠬᠥᠭᠦᠷᠭᠡ᠂ ᠨᠢᠭᠡᠳᠦᠭᠡᠷ ᠲᠣᠮᠣ ᠴᠠᠭᠢᠯᠭᠠᠨ ᠦᠷᠳᠡᠭᠡ᠂ ᠬᠠᠮᠤᠭ ᠤᠨ ᠲᠣᠮᠣ ᠪᠡᠶ᠎ᠡ ᠶᠢᠨ ᠲᠠᠮᠢᠷ ᠤᠨ ᠣᠷᠳᠣᠨ ᠵᠡᠷᠭᠡ ᠳᠤᠮᠳᠠᠳᠤ | ᠤᠯᠤᠰ ᠤᠨ ᠲᠡᠮᠵᠢᠨ ᠪᠠᠶᠢᠭᠤᠯᠤᠭᠰᠠᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠨᠢ ᠺᠠᠮᠪᠤᠵᠠ ᠶᠢᠨ ᠠᠷᠠᠳ | ᠤᠯᠠᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠺᠠᠮᠪᠤᠵᠠ ᠶᠢᠨ ᠠᠯᠤᠰ ᠭᠡᠳᠤ ᠶᠢᠨ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠨ ᠪᠠᠰᠠ ᠺᠠᠮᠪᠤᠵᠠ ᠶᠢᠨ ᠡᠯ᠎ᠡ ᠮᠤᠵᠢ | ᠬᠤᠳᠠ ᠪᠠᠷ ᠬᠦᠷᠴᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠪᠠ᠃ ᠳᠤᠮᠳᠠᠳᠤ ᠺᠠᠮᠪᠤᠵᠠ ᠶᠢᠨ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ | ᠨᠢ ᠺᠠᠮᠪᠤᠵᠠ ᠶᠢᠨ ᠬᠥᠭᠵᠢᠯᠲᠡ ᠶᠢ ᠠᠬᠢᠭᠤᠯᠪᠠ᠃ | ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠭᠦᠨ ᠵᠤᠵᠠᠭᠠᠨ ᠣᠣᠷ ᠲᠤᠨᠳᠠᠰᠤ ᠮᠥᠨ᠃ ᠳᠤᠮᠳᠠᠳᠤ ᠤᠯᠤᠰ ᠶᠡᠭᠡ ᠬᠡᠮᠵᠢᠶᠡᠨ ᠤ ᠬᠠᠭᠤᠴᠢ ᠰᠤᠳᠤᠯᠤᠯ ᠤᠨ | ᠰᠤᠳᠤᠯᠭᠠᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠣᠶᠣᠯ ᠲᠡᠦᠬᠡ᠂ ᠪᠠᠷᠢᠯᠭ᠎ᠠ ᠶᠢᠨ ᠤᠷᠠᠯᠢᠭ ᠵᠡᠷᠭᠡ ᠲᠠᠯ᠎ᠠ ᠶᠢᠨ | ᠲᠤᠰᠬᠠᠢ ᠮᠡᠷᠭᠡᠵᠢᠯᠲᠡᠨ ᠲᠣᠮᠢᠯᠠᠨ ᠺᠠᠮᠪᠤᠵᠠ ᠳᠤ 30 ᠰᠢᠬᠠᠮ ᠵᠢᠯ ᠰᠠᠭᠤᠯᠭᠠᠵᠤ᠂ ᠤᠷᠢᠳ ᠬᠤᠵᠢᠳ ᠵᠧᠦ ᠰᠠ | ᠰᠠᠬᠢᠭᠤᠯᠰᠤᠨ ᠤ ᠰᠦᠮ᠎ᠡ᠂ ᠴᠠ ᠵᠢᠶᠣᠣ ᠰᠧ ᠰᠦᠮ᠎ᠡ᠂ ᠠᠩᠺᠤᠷ ᠸᠠᠩ ᠤᠨ ᠣᠷᠳᠣᠨ ᠤ ᠪᠠᠭᠤᠷᠢ ᠶᠢ ᠵᠠᠰᠠᠨ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠠᠩᠺᠤᠷ ᠤᠨ ᠡᠷᠲᠡᠨ ᠤ ᠦᠯᠡᠳᠡᠭᠳᠡᠯ ᠭᠡᠬᠦ ᠡᠨᠡ ᠬᠦ ᠬᠥᠮᠥᠨ ᠲᠥᠷᠥᠯᠬᠢᠲᠡᠨ ᠤ | ᠪᠣᠯᠪᠠᠰᠤᠨ ᠤ ᠦᠨᠡᠲᠦ ᠡᠷᠳᠡᠨᠢ ᠶᠢᠨ ᠤᠤᠯ ᠤᠨ ᠴᠤᠭ ᠭᠢᠯᠪᠠᠭ᠎ᠠ ᠶᠢ ᠰᠡᠷᠭᠦᠭᠡᠭᠰᠡᠨ ᠪᠠᠶᠢᠨ᠎ᠠ᠃ ᠨᠡᠩ ᠤᠯᠠᠨ ᠳᠤᠮᠳᠠᠳᠤ | ᠤᠯᠤᠰ ᠤᠨ ᠵᠢᠭᠤᠯᠴᠢᠯᠠᠬᠰᠠᠳ ᠺᠠᠮᠪᠤᠵᠠ ᠳᠤ ᠬᠦᠷᠴᠦ᠂ ᠭᠦᠨ ᠵᠤᠵᠠᠭᠠᠨ ᠲᠡᠦᠬᠡ ᠰᠣᠶᠣᠯ ᠢ ᠣᠶᠢᠯᠠᠭᠠᠳᠠᠭ ᠪᠣᠯᠪᠠ᠃ | ᠺᠠᠮᠪᠤᠵᠠ ᠶᠢᠨ ᠨᠡᠩ ᠤᠯᠠᠨ ᠨᠠᠶᠢᠵᠠ ᠨᠠᠷ ᠬᠢᠲᠠᠳ ᠭᠡᠯᠡ ᠰᠤᠷᠴᠤ᠂ ᠡᠷᠲᠡᠨ ᠤ ᠳᠤᠮᠳᠠᠳᠤ ᠶᠢᠨ ᠪᠣᠯᠪᠠᠰᠤᠨ ᠪᠣᠯᠣᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠶᠢᠬᠠᠮᠰᠢᠭ ᠢ ᠣᠶᠢᠯᠠᠭᠠᠬᠤ ᠪᠣᠯᠪᠠ᠃ ᠡᠳᠡᠭᠡᠷ ᠵᠢᠯ ᠤᠳ ᠲᠤ | ᠳᠤᠮᠳᠠᠳᠤ ᠤᠯᠤᠰ ᠺᠠᠮᠪᠤᠵᠠ ᠳᠤ ︽ᠨᠥᠬᠦᠷᠯᠡᠯ ᠤᠨ ᠵᠠᠮ︾ ᠢ ᠳᠡᠪᠢᠰᠴᠦ᠂ ︽ᠵᠣᠯ ᠵᠢᠷᠭᠠᠯ ᠤᠨ ᠪᠤᠯᠠᠭ︾ ᠢ ᠮᠠᠯᠲᠠᠵᠤ ᠥᠭᠭᠦᠨ᠂ | ᠳᠤᠮᠳᠠᠳᠤ ᠺᠠᠮᠪᠤᠵᠠ ᠶᠢᠨ ᠨᠥᠭᠦᠷᠰᠡᠭ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠭᠦ ᠲᠣᠰᠬᠤᠨ ᠢ ᠪᠠᠶᠢᠭᠤᠯᠪᠠ᠃ | ᠺᠠᠮᠪᠤᠵᠠ ᠳᠤ ᠲᠣᠮᠢᠯᠠᠭᠰᠠᠨ ᠬᠢᠲᠠᠳ ᠡᠮᠨᠡᠯᠭᠡ ᠶᠢᠨ ᠡᠮᠴᠢᠯᠡᠭᠡᠨ ᠤ ᠠᠩᠭᠢ ᠶᠢᠨ ᠬᠢᠨ ᠰᠣᠨᠣᠷ ᠤᠨ ᠰᠠᠭᠠᠳ ᠲᠠᠢ ᠬᠡᠦᠬᠡᠨ ᠢ | ᠠᠩᠬ᠎ᠠ ᠭᠡᠯᠡ ᠳᠤ ᠣᠷᠣᠭᠤᠯᠤᠨ ︽ᠡᠵᠢ︾ ᠬᠡᠮᠡᠨ ᠳᠠᠭᠤᠳᠠᠭᠤᠯᠵᠤ᠂ ᠣᠷᠳᠣ ᠬᠤᠭᠤᠴᠠᠭ᠎ᠠ ᠪᠠᠷ ᠬᠦᠷᠳᠦᠲᠦ ᠰᠠᠨᠳᠠᠯᠢ ᠳᠤ | ᠲᠦᠰᠢᠭᠯᠡᠨ ᠶᠠᠪᠤᠵᠤ ᠰᠠᠭᠤᠵᠤ ᠪᠠᠶᠢᠭᠰᠠᠨ ᠡᠪᠡᠳᠴᠢᠲᠡᠨ ᠢ ᠪᠣᠰᠴᠤ ᠵᠣᠭᠰᠣᠭᠠᠵᠠᠢ᠃ | ᠣᠶᠢᠷ᠎ᠠ ᠶᠢᠨ ᠬᠠᠭᠠᠰ ᠵᠠᠭᠤᠨ ᠤ ᠲᠤᠷᠰᠢ ᠠᠽᠢᠶ᠎ᠠ ᠲᠢᠪ ᠶᠡᠷᠦᠩᠬᠡᠢ ᠳᠡᠭᠡᠨ ᠡᠩᠬᠡ ᠲᠠᠶᠢᠪᠤᠩ ᠲᠣᠭᠲᠠᠭᠤᠨ | ᠪᠠᠶᠢᠳᠠᠯ ᠢᠶᠠᠨ ᠪᠠᠲᠤᠯᠠᠵᠤ᠂ ᠠᠵᠤ ᠠᠬᠤᠢ ᠨᠢ ᠲᠦᠷᠭᠡᠨ ᠨᠡᠮᠡᠭᠳᠡᠵᠦ᠂ ᠳᠡᠯᠡᠬᠡᠢ ᠶᠢᠨ ᠬᠥᠭᠵᠢᠯᠲᠡ ᠶᠢᠨ ᠲᠡᠦᠬᠡᠨ ᠳᠡᠭᠡᠷᠡᠬᠢ | ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠪᠡ᠃ ᠣᠳᠣᠬᠠᠨ ᠤ ᠳᠡᠯᠡᠬᠡᠢ ᠶᠢᠷᠲᠢᠨᠴᠦ ᠳᠤ ᠵᠠᠭᠤᠨ ᠵᠢᠯ ᠳᠤ ᠲᠣᠬᠢᠶᠠᠯᠳᠤᠭ᠎ᠠ | ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠶᠠᠭ ᠪᠦᠬᠦᠯᠢ ᠴᠣᠭᠴᠠ ᠶᠢᠨ ᠬᠥᠭᠵᠢᠯ ᠮᠠᠨᠳᠤᠯ ᠢ | ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠶᠢᠨ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ | ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ | ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ | ᠪᠦᠲᠦᠮᠵᠢ ᠶᠢ ᠬᠥᠷᠰᠢ ᠵᠡᠷᠭᠡᠯᠡᠳᠡᠭᠡ ᠤᠯᠤᠰ ᠲᠤ ᠨᠡᠩ ᠤᠯᠠᠨ ᠬᠦᠷᠲᠡᠭᠡᠵᠦ᠂ ᠭᠠᠵᠠᠷ ᠣᠷᠣᠨ ᠤ ᠡᠩᠬᠡ ᠲᠠᠶᠢᠪᠤᠩ ᠪᠠ | ᠲᠣᠭᠲᠠᠭᠤᠨ ᠢ ᠬᠠᠮᠲᠤ ᠪᠠᠷ ᠬᠠᠮᠠᠭᠠᠯᠠᠨ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ | ᠠᠬᠢᠭᠤᠯᠤᠨ᠎ᠠ᠃ | ᠠᠽᠢᠶ᠎ᠠ ᠲᠢᠪ ᠤᠨ ᠲᠣᠮᠣ ᠭᠡᠷ ᠪᠦᠯᠢ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ ᠺᠠᠮᠪᠤᠵᠠ | ᠬᠤᠶᠠᠷ ᠤᠯᠤᠰ ᠲᠡᠦᠬᠡ ᠶᠢᠨ ᠤᠷᠤᠰᠬᠠᠯ ᠳᠤ ᠵᠣᠬᠢᠴᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ | ᠥᠭᠴᠦ᠂ ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠳᠡᠮᠵᠢᠯᠴᠡᠵᠦ ᠠᠮᠵᠢᠯᠲᠠ ᠪᠦᠳᠦᠮᠵᠢ ᠡᠭᠦᠳᠴᠦ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠤᠰᠢᠭᠤᠴᠢ ᠪᠠ ᠵᠢᠱᠢᠶ᠎ᠡ ᠦᠵᠡᠭᠦᠯᠦᠭᠴᠢ ᠪᠣᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃ | — ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ ᠳᠡᠭᠡᠳᠦ | ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ | ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠵᠢᠷᠤᠭ | ᠲᠥᠯᠥᠪᠯᠡᠭᠡ ᠶᠢ ᠵᠢᠷᠤᠭᠯᠠᠬᠤ ᠶᠢ ᠪᠠᠷᠢᠮᠲᠠᠯᠠᠶ᠎ᠠ᠃ ᠳᠤᠮᠳᠠᠳᠤ ᠤᠯᠤᠰ ᠺᠠᠮᠪᠤᠵᠠ ᠶᠢᠨ ᠬᠢᠨ ᠤ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠬᠤ᠂ ᠤᠯᠤᠰ ᠤᠨ ᠢᠶᠠᠨ ᠡᠷᠬᠡ ᠮᠡᠳᠡᠯ᠂ | ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ᠂ ᠤᠯᠠᠨ ᠤᠯᠤᠰ ᠤᠨ | ᠲᠠᠪᠴᠠᠩ ᠳᠤ ᠨᠡᠩ ᠶᠡᠭᠡ ᠦᠢᠯᠡᠳᠦᠯ ᠦᠵᠡᠭᠦᠯᠭᠦ ᠶᠢ ᠡᠷᠡᠰ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ | ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ | ᠭᠠᠳᠠᠭᠠᠳᠤ ᠶᠢᠨ ᠬᠦᠴᠦᠨ ᠤ ᠳᠣᠲᠣᠭᠠᠳᠤ ᠶᠠᠪᠤᠳᠠᠯ ᠳᠤ ᠭᠠᠷ ᠲᠦᠷᠦᠭᠦ᠂ ᠬᠤᠳᠬᠤᠨ ᠵᠠᠪᠰᠠᠷᠳᠠᠭᠤᠯᠬᠤ᠂ ᠳᠤᠮᠳᠠᠳᠤ | ᠺᠠᠮᠪᠤᠵᠠ ᠶᠢᠨ ᠨᠥᠬᠦᠷᠯᠡᠯ ᠢ ᠡᠪᠳᠡᠬᠦ ᠶᠢ ᠡᠷᠡᠰ ᠡᠰᠡᠷᠭᠦᠴᠡᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠲᠤ ᠪᠠᠷ | ᠬᠠᠮᠠᠭᠠᠯᠠᠶ᠎ᠠ᠃ | — ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠬᠥᠭᠵᠢᠯᠲᠡ ᠶᠢ | ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠺᠠᠮᠪᠤᠵᠠ ᠶᠢᠨ | ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠺᠠᠮᠪᠤᠵᠠ ᠶᠢᠨ ︽ᠲᠠᠪᠤᠨ | ᠥᠨᠴᠥᠭᠲᠦ ᠪᠠᠶᠢᠯᠳᠤᠬᠤ ᠪᠣᠳᠣᠯᠭ᠎ᠠ︾ ᠲᠠᠢ ᠵᠣᠯᠭᠠᠭᠤᠯᠬᠤ ᠶᠢ ᠠᠬᠢᠭᠤᠯᠵᠤ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ | ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠶ᠎ᠡ᠃ | ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠲᠤ ᠪᠠᠷ ᠬᠠᠮᠠᠭᠠᠯᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ᠂ | ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠯᠮᠠᠰ ᠵᠢᠷᠭᠤᠭᠠᠨ ᠲᠠᠯ᠎ᠠ︾ | ᠶᠢᠨ ᠬᠠᠮᠲᠤᠷᠠᠯᠴᠠᠭ᠎ᠠ ᠶᠢ ᠨᠡᠩ ᠭᠡᠷᠡᠯ ᠰᠠᠴᠤᠷᠠᠩᠭᠤᠢ ᠪᠠᠲᠤ ᠪᠠᠬᠢ ᠪᠤᠯᠭᠠᠵᠤ᠂ ᠲᠤᠰ ᠲᠤᠰ ᠤᠨ ᠣᠳᠣᠬᠢᠴᠢᠯᠠᠯᠲᠠ ᠶᠢᠨ | ᠠᠬᠢᠴᠠ ᠳᠤ ᠬᠦᠴᠦᠨ ᠨᠡᠮᠡᠷᠢᠯᠡᠶ᠎ᠡ᠃ | — ᠨᠡᠩ ᠥᠨᠳᠥᠷ ᠲᠡᠰ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠲᠤ ᠪᠠᠶᠢᠭᠤᠯᠤᠶ᠎ᠠ᠃ ᠭᠠᠷ | ᠲᠦᠷᠦᠭᠦ ᠶᠢ ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ︽ᠥᠩᠭᠡ ᠶᠢᠨ ᠬᠤᠪᠢᠰᠬᠠᠯ︾ ᠢ ᠰᠡᠷᠭᠡᠶᠢᠯᠡᠨ ᠬᠤᠷᠢᠭᠯᠠᠬᠤ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ᠂ ︽ᠨᠢᠭᠡ ᠪᠦᠰᠡ | ᠨᠢᠭᠡ ᠵᠠᠮ︾ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠬᠤ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠠᠭᠢᠯᠭᠠᠨ ᠴᠢᠮᠡᠭᠡ ᠬᠤᠯᠪᠤᠭ᠎ᠠ | ᠰᠦᠯᠵᠢᠶᠡᠨ ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠬᠤᠶᠠᠷ ᠤᠯᠤᠰ ᠤᠨ | ᠬᠥᠭᠵᠢᠯᠲᠡ ᠳᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠤᠯᠭᠠᠵᠤ ᠥᠭᠭᠦᠶ᠎ᠡ᠃ ᠬᠠᠮᠲᠤ ᠶᠢᠨ᠂ ᠶᠡᠷᠦᠩᠬᠡᠶᠢᠯᠡᠭᠰᠡᠨ᠂ | ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ | ᠣᠶᠢᠯᠠᠭᠠᠭᠳᠠᠬᠤᠨ ᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ | ᠠᠮᠤᠷ ᠲᠣᠭᠲᠠᠭᠤᠨ ᠢ ᠬᠠᠮᠲᠤ ᠪᠠᠷ ᠠᠬᠢᠭᠤᠯᠤᠶ᠎ᠠ᠃ | — ᠨᠡᠩ ᠥᠨᠳᠥᠷ ᠳᠠᠪᠲᠠᠮᠵᠢ ᠪᠦᠬᠦᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠨᠠᠶᠢᠷᠲᠠᠢ ᠬᠠᠮᠲᠤ ᠪᠠᠷ ᠣᠷᠣᠰᠢᠬᠤ ᠶᠢ ᠪᠠᠷᠢᠮᠲᠠᠯᠠᠵᠤ᠂ ᠪᠣᠯᠪᠠᠰᠤᠨ ᠤ | ᠨᠡᠪᠲᠡᠷᠡᠯᠴᠡᠭᠡ ᠶᠠᠷᠢᠯᠴᠠᠭ᠎ᠠ ᠶᠢ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠶᠢ | ᠭᠦᠨᠵᠡᠭᠡᠶᠢᠷᠡᠭᠦᠯᠵᠦ᠂ ᠤᠯᠠᠨ ᠶᠠᠩᠵᠤ ᠭᠡᠯᠪᠡᠷᠢ ᠶᠢᠨ ᠰᠣᠶᠣᠯ ᠵᠢᠭᠤᠯᠴᠢᠯᠠᠯ᠂ ᠥᠪ ᠬᠥᠷᠥᠩᠭᠡ ᠶᠢ ᠬᠠᠮᠠᠭᠠᠯᠠᠨ ᠰᠡᠷᠭᠦᠭᠡᠬᠦ᠂ | ᠵᠠᠯᠠᠭᠤᠴᠤᠳ ᠤᠨ ᠶᠠᠪᠤᠯᠴᠠᠭ᠎ᠠ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠠᠬᠢᠭᠤᠯᠵᠤ᠂ ᠠᠽᠢᠶ᠎ᠠ ᠲᠢᠪ ᠤᠨ ᠦᠷᠳᠡᠭ ᠤᠨ ᠦᠵᠡᠯᠲᠡ ᠪᠠ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ | ᠬᠠᠮᠲᠤ ᠪᠠᠷ ᠪᠠᠳᠠᠷᠠᠭᠤᠯᠤᠶ᠎ᠠ᠃ | — ᠨᠡᠩ ᠥᠨᠳᠥᠷ ᠪᠠᠷᠢᠮᠵᠢᠶᠠᠲᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠶ᠎ᠠ᠃ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠠᠴᠠ ᠤᠶᠤᠨ ᠤᠬᠠᠭᠠᠨ | ᠬᠦᠷᠲᠡᠵᠦ᠂ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠬᠠᠨᠳᠤᠭᠤᠯᠤᠭᠰᠠᠨ ᠯᠠᠨᠼᠠᠩᠵᠢᠶᠠᠩ ᠮᠥᠷᠡᠨ ᠮᠸᠢᠢᠭᠤᠩ | ᠮᠥᠷᠡᠨ ᠤ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠵᠤ᠂ ᠡᠩᠬᠡ ᠲᠠᠶᠢᠪᠤᠩ | ᠠᠮᠤᠷ ᠲᠣᠭᠲᠠᠭᠤᠨ᠂ ᠴᠡᠴᠡᠭᠯᠡᠯ ᠬᠥᠭᠵᠢᠯ ᠦᠵᠡᠰᠬᠦᠯᠡᠩᠲᠦ ᠰᠠᠶᠢᠬᠠᠨ᠂ ᠨᠥᠭᠦᠷᠰᠡᠭ ᠢᠶᠠᠷ ᠬᠠᠮᠲᠤ ᠣᠷᠣᠰᠢᠬᠤ ᠠᠽᠢᠶ᠎ᠠ | ᠲᠢᠪ ᠤᠨ ᠭᠡᠷ ᠣᠷᠣᠨ ᠢ ᠭᠠᠷ ᠬᠤᠯᠪᠣᠨ ᠪᠦᠲᠦᠭᠡᠨ ᠪᠠᠶᠢᠭᠤᠯᠤᠶ᠎ᠠ᠃ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ᠂ | ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ ᠬᠤᠶᠠᠷ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠬᠦᠴᠦᠯᠡᠵᠦ᠂ | ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ | ᠣᠷᠴᠢᠨ ᠲᠣᠭᠤᠷᠢᠨ ᠢ ᠬᠠᠮᠠᠭᠠᠯᠠᠶ᠎ᠠ᠃ | ︽ᠬᠠᠭᠤᠴᠢᠨ ᠨᠥᠬᠦᠷᠯᠡᠯ ᠰᠢᠵᠢᠷ ᠠᠯᠳᠠ ᠮᠡᠲᠦ᠂ ᠵᠠᠭᠤᠨᠲᠠ ᠬᠠᠶᠢᠯᠤᠭᠤᠯᠤᠭᠰᠠᠨ ᠴᠦ ᠥᠩᠭᠡ ᠨᠢ ᠬᠤᠪᠢᠷᠠᠬᠤ | ᠦᠭᠡᠢ︾᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠣᠨ ᠰᠠᠷ᠎ᠠ ᠶᠢᠨ ᠳᠠᠪᠲᠠᠯᠲᠠ ᠪᠣᠯᠣᠨ ᠰᠠᠯᠬᠢ ᠪᠣᠷᠣᠭᠠᠨ ᠤ | ᠰᠢᠯᠭᠠᠯᠲᠠ ᠶᠢ ᠥᠩᠭᠡᠷᠡᠭᠡᠭᠰᠡᠨ ᠳᠤᠮᠳᠠᠳᠤ ᠺᠠᠮᠪᠤᠵᠠ ᠶᠢᠨ ᠪᠣᠯᠣᠳ ᠮᠡᠲᠦ ᠪᠠᠲᠤ ᠨᠥᠬᠦᠷᠯᠡᠯ ᠯᠠᠪᠲᠠᠢ ᠤᠭ ᠰᠠᠨᠠᠭ᠎ᠠ ᠪᠠᠲᠤ | ᠪᠠᠬᠢ᠂ ᠴᠢᠨᠠᠷ ᠡᠭᠦᠷᠢᠳᠡ ᠬᠤᠪᠢᠷᠠᠬᠤ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ | ᠺᠠᠮᠪᠤᠵᠠ ᠲᠠᠢ ᠬᠠᠮᠲᠤ ᠪᠠᠷ ᠡᠩᠬᠡ ᠲᠠᠶᠢᠪᠤᠩ ᠢ ᠬᠠᠮᠲᠤ ᠪᠠᠷ ᠰᠠᠬᠢᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠥᠭᠵᠢᠯ | ᠴᠡᠴᠡᠭᠯᠡᠯ ᠢ ᠬᠠᠮᠲᠤ ᠪᠠᠷ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠤᠷᠪᠠᠭᠠᠨ ᠬᠥᠷᠪᠡᠭᠡᠨ ᠲᠠᠢ ᠬᠤᠪᠢᠰᠤᠨ ᠰᠣᠯᠪᠢᠴᠠᠭᠰᠠᠨ | ᠳᠡᠯᠡᠬᠡᠢ ᠶᠢᠷᠲᠢᠨᠴᠦ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠤᠬᠲᠠᠭᠠᠯᠲᠦ ᠴᠢᠨᠠᠷ ᠢ ᠨᠡᠮᠡᠷᠢᠯᠡᠨ᠎ᠡ᠃ |