3 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠡᠮᠡᠭᠲᠡᠶᠢᠴᠦᠳ ᠤᠨ | ᠬᠤᠯᠪᠣᠭ᠎ᠠ᠂ ᠢᠦᠢ ᠴᠢᠤᠸᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠢᠦᠢ | ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠭᠤᠣᠯᠯᠠᠨ ᠡᠷᠬᠢᠯᠡᠵᠦ᠂ ᠢᠦᠢ ᠴᠢᠤᠸᠠᠨ ᠲᠣᠭᠤᠷᠢᠭ ᠤᠨ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠥᠪ ︵ᠵᠠᠯᠠᠭᠤᠴᠤᠳ ᠪᠠᠭᠠᠴᠤᠳ ᠤᠨ ᠣᠷᠳᠣᠨ︶ ᠬᠢᠭᠡᠳ | ︽ᠹᠧᠩ ᠠᠬ᠎ᠠ ᠰᠤᠷᠭᠠᠨ ᠬᠥᠮᠦᠵᠢᠯ ᠢ ᠶᠠᠷᠢᠬᠤ︾ ᠳᠠᠭᠠᠭᠠᠴᠢᠯᠠᠨ ᠡᠷᠬᠢᠯᠡᠭᠰᠡᠨ ᠭᠡᠷ ᠤᠨ ᠰᠤᠷᠲᠠᠯ ᠤᠨ ᠰᠢᠷᠢᠰ ᠭᠡᠷ | ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠮᠵᠢ ᠦᠢᠯᠡᠴᠢᠯᠡᠭᠡᠨ ᠤ ᠴᠤᠭᠯᠠᠭᠠᠨ ᠪᠣᠯᠵᠤ᠂ ᠢᠦᠢ ᠴᠢᠤᠸᠠᠨ | ᠲᠣᠭᠤᠷᠢᠭ ᠤᠨ ᠵᠠᠯᠠᠭᠤᠴᠤᠳ ᠪᠠᠭᠠᠴᠤᠳ ᠤᠨ ᠣᠷᠳᠣᠨ ᠤ ᠭᠤᠷᠪᠠᠳᠤᠭᠠᠷ ᠠᠰᠠᠷ ᠤᠨ ᠮᠡᠳᠡᠭᠦᠯᠦᠯᠲᠡ ᠶᠢᠨ | ᠲᠢᠩᠬᠢᠮ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠳᠤ ᠣᠨᠴᠠ ᠤᠷᠢᠭᠰᠠᠨ ᠬᠡᠷ | ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠭᠴᠢ ᠪᠠᠭᠰᠢ᠂ ᠰᠡᠳᠬᠢᠴᠡ ᠶᠢᠨ ᠵᠥᠪᠯᠡᠯᠭᠡ ᠥᠭᠭᠦᠭᠴᠢ᠂ | ᠬᠡᠤᠬᠡᠳ ᠤᠨ ᠦᠰᠦᠨ ᠪᠤᠶᠢᠵᠢᠯᠲᠠ ᠶᠢᠨ ᠵᠢᠯᠣᠭᠤᠳᠣᠭᠴᠢ ᠸᠠᠩ ᠰᠢᠶᠤᠤ ᠿᠤ᠋ ᠪᠠᠭᠰᠢ ᠭᠤᠤᠯᠯᠠᠨ ᠶᠠᠷᠢᠵᠤ᠂ ︽ | ᠬᠡᠷ ᠤᠨ ᠠᠬᠠᠮᠠᠳ ᠤᠨ ᠤᠷᠮ᠎ᠠ ᠰᠡᠳᠬᠢᠯᠭᠡ ᠪᠠ ᠦᠢᠯᠡ ᠠᠵᠢᠯᠯᠠᠭ᠎ᠠ ᠶᠢᠨ ᠡᠵᠡᠮᠳᠡᠯ ᠤᠨ ᠬᠡᠤᠬᠡᠳ ᠲᠤ ᠦᠵᠡᠭᠦᠯᠬᠦ | ᠨᠥᠯᠥᠭᠡ ︾ ᠶᠢᠨ ᠲᠣᠭᠤᠷᠢᠨ ᠳᠤ ᠬᠡᠷ ᠪᠦᠯᠢ ᠶᠢᠨ ᠰᠤᠷᠭᠠᠨ ᠬᠥᠮᠦᠵᠢᠯ ᠢ ᠠᠮᠢᠳᠤᠯᠢᠭ ᠪᠥᠭᠡᠳ ᠭᠦᠨ ᠭᠦᠨᠵᠡᠭᠡᠶ | ᠬᠤᠪᠢᠶᠠᠯᠴᠠᠪᠠ᠃ | | | | | ᠠᠵᠢᠯᠯᠠᠭ᠎ᠠ ᠶᠢᠨ ᠳᠤᠮᠳᠠ᠂ ᠸᠠᠩ ᠰᠢᠶᠤᠤ ᠿᠤ᠋ ᠪᠠᠭᠰᠢ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ | ᠬᠤᠪᠢᠶᠠᠯᠴᠠᠬᠤ᠂ ᠰᠣᠨᠢᠷᠬᠠᠯᠲᠤ ᠰᠤᠷᠭᠠᠨ ᠬᠥᠮᠦᠵᠢᠯ ᠤᠨ ᠲᠣᠭᠯᠠᠭᠠᠮ᠂ ᠬᠠᠷᠢᠯᠴᠠᠨ ᠬᠥᠳᠡᠯᠦᠯᠴᠡᠬᠦ ᠠᠰᠠᠭᠤᠯᠲᠠ | ᠬᠠᠷᠢᠭᠤᠯᠲᠠ ᠵᠢᠴᠢ ᠠᠮᠢᠳᠤᠷᠠᠯ ᠤᠨ ᠵᠢᠵᠢᠭ ᠲᠤᠷᠰᠢᠯᠲᠠ ᠪᠠᠷ ᠳᠠᠮᠵᠢᠭᠤᠯᠤᠨ᠂ ᠬᠡᠷ ᠤᠨ ᠠᠬᠠᠮᠠᠳ ᠤᠨ ᠤᠷᠮ᠎ᠠ | ᠰᠡᠳᠬᠢᠯᠭᠡ ᠶᠢ ᠬᠠᠮᠢᠶᠠᠷᠬᠤ᠂ ᠦᠢᠯᠡ ᠠᠵᠢᠯᠯᠠᠭᠠᠨ ᠤ ᠵᠠᠭᠪᠤᠷ ᠨᠢ ᠬᠡᠤᠬᠡᠳ ᠤᠨ ᠵᠠᠩ ᠴᠢᠨᠠᠷ ᠢ ᠪᠣᠶ ᠪᠣᠯᠭᠠᠬᠤ᠂ | ᠰᠡᠳᠬᠢᠴᠡ ᠶᠢᠨ ᠡᠷᠡᠭᠦᠯ ᠮᠡᠨᠳᠦ ᠳᠤ ᠦᠵᠡᠭᠦᠯᠬᠦ ᠴᠢᠬᠤᠯᠠ ᠨᠥᠯᠥᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ | ᠵᠠᠳᠠᠯᠪᠠ᠃ ᠲᠤᠬᠠᠶ ᠶᠢᠨ ᠲᠠᠯᠠᠪᠤᠷ ᠤᠨ ᠬᠡᠷ ᠤᠨ ᠠᠬᠠᠮᠠᠳ ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠶ ᠣᠷᠣᠯᠴᠠᠵᠤ᠂ | ᠠᠭᠤᠵᠢᠭᠤ ᠲᠠᠯᠪᠢᠭᠤ ᠠᠭᠤᠷ ᠠᠮᠢᠰᠬᠤᠯ ᠤᠨ ᠳᠤᠮᠳᠠ ᠲᠣᠰ ᠪᠡᠶ᠎ᠡ ᠶᠢᠨ ᠰᠤᠷᠭᠠᠨ ᠬᠥᠮᠦᠵᠢᠯ ᠤᠨ ᠠᠷᠭ᠎ᠠ | ᠬᠡᠯᠪᠡᠷᠢ ᠪᠠᠨ ᠡᠷᠭᠢᠴᠡᠭᠦᠯᠦᠨ ᠪᠣᠳᠣᠵᠤ᠂ ᠬᠡᠷᠬᠢᠨ ᠨᠠᠩ ᠰᠢᠨᠵᠢᠯᠡᠬᠦ ᠤᠬᠠᠭᠠᠨᠴᠢ᠂ ᠨᠠᠩ ᠡᠶᠡᠯᠳᠡᠭ ᠵᠥᠭᠡᠯᠡᠨ | ᠣᠪᠣᠷ ᠢᠶᠠᠷ ᠡᠴᠢᠭᠡ ᠡᠬᠡ ᠦᠷ᠎ᠡ ᠬᠡᠤᠬᠡᠳ ᠤᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠬᠤ ᠲᠤᠬᠠᠶ | ᠰᠣᠷᠣᠯᠴᠠᠪᠠ᠃ | | | | | | | | ᠰᠤᠷᠭᠠᠨ ᠬᠥᠮᠦᠵᠢᠯ ᠪᠣᠯ ᠤᠷᠢᠬᠠᠨ ᠰᠠᠯᠬᠢ ᠥᠭᠭᠢᠶᠡᠮᠦᠷ ᠬᠤᠷ᠎ᠠ ᠮᠥᠨ᠂ ᠠᠪᠤ ᠡᠵᠢ ᠪᠣᠯ ᠬᠡᠦᠬᠡᠳ ᠤᠨ | ᠠᠩᠬᠠᠨ ᠤ ᠲᠣᠯᠢ ᠮᠥᠨ᠃ ᠳᠠᠷᠠᠭᠠᠴᠢ ᠶᠢᠨ ᠠᠯᠬᠤᠮ ᠳᠤ᠂ ᠢᠦᠢ ᠴᠢᠦᠸᠠᠨ ᠲᠣᠭᠤᠷᠢᠭ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ | ᠤᠯᠠᠨ ᠶᠠᠩᠵᠤ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ | ᠭᠡᠷ ᠤᠨ ᠠᠬᠠᠮᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠭᠡᠷ ᠪᠦᠯᠢ ᠶᠢᠨ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠢ ᠪᠤᠢ ᠪᠣᠯᠭᠠᠵᠤ᠂ ᠭᠡᠷ ᠤᠨ ᠠᠬᠠᠮᠠᠳ ᠲᠠᠢ ᠭᠠᠷ ᠬᠤᠯᠪᠣᠨ ᠰᠢᠨ᠎ᠡ ᠴᠠᠭ ᠦᠶ᠎ᠡ ᠶᠢᠨ ᠰᠠᠶᠢᠨ | ᠭᠡᠷ ᠤᠨ ᠰᠤᠷᠲᠠᠯ ᠢ ᠬᠠᠮᠲᠤᠪᠠᠷ ᠪᠤᠶᠢᠵᠢᠭᠤᠯᠵᠤ᠂ ᠬᠥᠬᠡᠬᠤᠲᠠ ᠶᠢᠨ ᠭᠡᠷ ᠪᠦᠯᠢ ᠶᠢᠨ ᠵᠣᠯ ᠵᠢᠷᠭᠠᠯ ᠡᠶ᠎ᠡ | ᠵᠣᠬᠢᠴᠠᠯ ᠳᠤ ᠬᠦᠴᠦᠨ ᠨᠡᠮᠡᠷᠢᠯᠡᠨ᠎ᠡ︕ | | | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |