ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠣᠯᠪᠠᠰᠤᠨ ᠢᠶᠠᠷ ᠳᠠᠬᠢᠯᠭ᠎ᠠ ᠬᠢᠬᠦ | ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠬᠠᠮᠲᠤ ᠤᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠ ᠦᠨᠳᠦᠰᠦᠨ ᠱᠠᠲᠤᠨ ᠤ ᠠᠷᠠᠳ ᠤᠨ | ᠠᠮᠢᠳᠤᠷᠠᠯ ᠳᠤ ᠦᠢᠯᠡᠴᠢᠯᠡᠬᠦ ᠶᠢᠨ ᠲᠦᠯᠦᠭᠡ᠂ 4 ᠳ᠋ᠤᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ | ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠦᠢ ᠴᠢᠤᠸᠠᠨ ᠲᠣᠭᠤᠷᠢᠭ ᠤᠨ | ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠢᠦᠢ ᠴᠢᠤᠸᠠᠨ | ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠵᠡᠷᠭᠡ 14 ᠨᠢᠭᠡᠴᠢ ᠬᠠᠮᠲᠤᠷᠠᠨ ᠳᠠᠭᠠᠭᠠᠴᠢᠯᠠᠨ ᠡᠷᠬᠢᠯᠡᠭᠰᠡᠨ ︽ᠮᠠᠨ ᠤ | ᠪᠠᠶᠠᠷ ᠤᠨ ᠡᠳᠦᠷ · ᠬᠠᠩᠰᠢ︾ ᠶᠢᠨ ᠭᠤᠣᠯ ᠰᠡᠳᠦᠪᠲᠦ ᠠᠵᠢᠯᠯᠠᠭ᠎ᠠ ᠳᠠᠯᠠᠢ ᠲᠣᠰᠬᠤᠨ ᠠᠶᠢᠯ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠡᠬᠢᠯᠡᠪᠡ᠃ ᠠᠵᠢᠯᠯᠠᠭ᠎ᠠ ᠨᠢ ︽ᠰᠣᠶᠣᠯ ᠢ ᠳᠡᠭᠡᠳᠦᠯᠡᠬᠦ | ᠢᠦᠢ ᠴᠢᠤᠸᠠᠨ ᠢᠦᠢ ᠴᠢᠤᠸᠠᠨ ᠠᠷᠠᠳ ᠤᠨ ᠠᠵᠢᠯᠯᠠᠭ᠎ᠠ︾ ᠪᠠᠷ ᠭᠤᠣᠯ ᠰᠡᠳᠦᠪ ᠪᠣᠯᠭᠠᠵᠤ᠂ ᠬᠤᠪᠢᠰᠬᠠᠯ ᠤᠨ | ᠤᠬᠠᠭᠤᠯᠤᠨ ᠲᠠᠶᠢᠯᠪᠤᠷᠢᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠵᠦ ᠲᠠᠷᠢᠶᠠᠯᠠᠩ ᠢ ᠲᠤᠰᠠᠯᠠᠬᠤ᠂ ᠪᠣᠯᠪᠠᠰᠤᠨ ᠢᠶᠠᠷ ᠰᠠᠨᠠᠭᠠᠴᠢᠯᠠᠬᠤ ᠵᠡᠷᠭᠡ ᠶᠢᠰᠦᠨ ᠶᠡᠭᠡ | ᠤᠨᠴᠠᠯᠢᠭᠳᠤ ᠠᠵᠢᠯᠯᠠᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ︽ᠤᠯᠠᠨ ᠲᠦᠮᠡᠨ ᠲᠠᠢ ᠤᠢᠢᠷᠠᠳᠤᠭᠰᠠᠨ᠂ | ᠬᠥᠮᠦᠰ ᠤᠨ ᠬᠦᠷᠢᠶᠡᠯᠡᠯ ᠢ ᠨᠢᠭᠲᠠᠷᠠᠭᠤᠯᠤᠭᠰᠠᠨ᠂ ᠲᠥᠪ ᠰᠤᠷᠲᠠᠯ ᠢ ᠪᠠᠳᠠᠷᠠᠭᠤᠯᠬᠤ︾ ᠬᠠᠪᠤᠷ ᠤᠨ ᠤᠯᠠᠷᠢᠯ ᠤᠨ | ᠦᠪᠡᠳᠡᠭᠰᠢ ᠴᠤᠭᠯᠠᠭᠠᠨ ᠢ ᠬᠦᠷᠭᠡᠪᠡ᠃ | | | | | | | | ᠠᠵᠢᠯᠯᠠᠭ᠎ᠠ ᠡᠬᠢᠯᠡᠮᠡᠭᠴᠡ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠲᠤᠷᠠᠨ ᠲᠡᠯᠡᠶ ᠲᠣᠰᠬᠤᠨ ᠠᠶᠢᠯ ᠤᠨ | ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ | ᠥᠷᠨᠢᠭᠦᠯᠪᠡ᠃ ᠰᠢᠨ᠎ᠡ ᠴᠠᠭ ᠦᠶ᠎ᠡ ᠶᠢᠨ ᠵᠢᠭᠠᠨ ᠰᠤᠷᠭᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠭᠴᠢ ᠲᠦᠩ | ᠵᠧ ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠬᠤᠪᠢᠰᠬᠠᠯ ᠤᠨ ᠦᠯᠢᠭᠡᠷ ᠢ ᠭᠦᠨ | ᠰᠡᠳᠬᠢᠯᠭᠡ ᠲᠠᠢ ᠪᠠᠷ ᠶᠠᠷᠢᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠢ ᠳᠠᠭᠠᠭᠤᠯᠤᠨ ᠬᠤᠪᠢᠰᠬᠠᠯ ᠤᠨ ᠵᠣᠷᠢᠭ | ᠰᠠᠨᠠᠭ᠎ᠠ ᠶᠢ ᠣᠶᠢᠯᠠᠭᠠᠪᠠ᠃ ᠳᠠᠷᠠᠭ᠎ᠠ ᠨᠢ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠲᠠᠷᠢᠶ᠎ᠠ ᠮᠠᠯ ᠤᠨ | ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢᠨ ᠵᠠᠳᠠᠯᠤᠯᠲᠠ︾ ᠶᠢᠨ ᠸᠢᠳᠢᠣ᠋ ᠬᠢᠴᠢᠶᠡᠯ ᠢᠶᠠᠷ ᠳᠠᠮᠵᠢᠭᠤᠯᠤᠨ᠂ ᠲᠣᠰᠬᠤᠨ ᠤ ᠠᠷᠠᠳ ᠤᠨ | ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠵᠢᠷᠤᠮᠵᠢᠭᠤᠯᠤᠨ ᠥᠷᠨᠢᠭᠦᠯᠬᠦ ᠳᠤ ᠬᠦᠴᠦᠨ ᠨᠡᠮᠡᠷᠢᠯᠡᠪᠡ᠃ | | | | | ᠭᠡᠷ ᠤᠨ ᠭᠠᠳᠠᠨᠠᠬᠢ ᠠᠭᠤᠳᠠᠮ ᠲᠠᠯᠠᠪᠠᠢ ᠳᠤ ᠭᠤᠯᠢᠷ ᠤᠨ ᠱᠤᠭᠤᠮᠠᠯ᠂ ᠰᠢᠬᠢᠷ ᠤᠨ ᠵᠢᠷᠤᠭ ᠵᠡᠷᠭᠡ ᠪᠣᠳᠠᠰ ᠤᠨ | ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠦᠯᠭᠡ ᠶᠢᠨ ᠲᠣᠭᠤᠷᠢᠭ ᠶᠡᠷᠦ ᠪᠤᠰᠤ ᠶᠢᠨ ᠬᠦᠷ | ᠬᠥᠭᠵᠢᠶᠡᠨ ᠲᠠᠢ ᠪᠠᠶᠢᠯ᠎ᠠ᠃ ᠢᠦᠢ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠤᠪᠴᠢᠶ᠎ᠠ ᠪᠣᠯᠤᠨ ᠳᠠᠯᠠᠢ | ᠲᠣᠰᠬᠤᠨ ᠠᠶᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠮᠲᠤᠪᠠᠷ ︽ᠲᠠᠩᠰᠤᠭ | ᠰᠠᠶᠢᠬᠠᠨ ᠭᠠᠷ ᠤᠷᠠᠯᠠᠯ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠵᠤ ᠬᠠᠩᠰᠢ ᠶᠢᠨ ᠦᠶ᠎ᠡ ᠳᠤ | ᠰᠡᠳᠭᠢᠯᠭᠡ ᠪᠠᠨ ᠢᠯᠡᠳᠭᠡᠵᠦ ᠤᠯᠠᠮᠵᠢᠯᠠᠯ ᠢ ᠪᠠᠳᠠᠷᠠᠭᠤᠯᠬᠤ︾ ᠠᠵᠢᠯᠯᠠᠭ᠎ᠠ ᠮᠠᠰᠢ ᠤᠯᠠᠨ ᠲᠣᠰᠬᠤᠨ ᠤ ᠠᠷᠠᠳ ᠢ | ᠲᠠᠲᠠᠵᠤ ᠣᠷᠣᠯᠴᠠᠭᠤᠯᠪᠠ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠶ ᠶᠢᠨ ᠲᠠᠯᠠᠪᠤᠷ ᠲᠤ | ᠵᠢᠭᠠᠨ ᠰᠤᠷᠭᠠᠵᠤ᠂ ᠣᠯᠠᠨ ᠲᠦᠮᠡᠨ ᠢ ᠳᠠᠭᠠᠭᠤᠯᠤᠨ ᠬᠠᠩᠰᠢ ᠶᠢᠨ ᠡᠳᠦᠷ ᠤᠨ ᠭᠤᠤᠯ ᠰᠡᠳᠦᠪᠲᠦ ᠭᠠᠷ ᠤᠷᠠᠯᠠᠯ ᠤᠨ | ᠪᠦᠲᠦᠭᠡᠭᠳᠡᠬᠦᠨ ᠢ ᠦᠢᠯᠡᠳᠴᠦ᠂ ᠤᠯᠠᠮᠵᠢᠯᠠᠯᠲᠤ ᠤᠷ᠎ᠠ ᠮᠡᠷᠭᠡᠵᠢᠯ ᠢ ᠬᠠᠷᠢᠯᠴᠠᠨ ᠦᠢᠯᠡᠳᠦᠯᠴᠡᠬᠦ ᠳᠤᠮᠳᠠ ᠰᠢᠨ᠎ᠡ | ᠠᠮᠢᠵᠢᠷᠠᠯ ᠤᠨ ᠬᠦᠴᠦᠨ ᠲᠠᠢ ᠪᠤᠯᠭᠠᠪᠠ᠃ | | | | | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢᠨ ᠲᠣᠭᠤᠷᠢᠨ ᠳᠤ᠂ ᠢᠦᠢ ᠴᠢᠤᠸᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ | ᠰᠠᠶᠢᠨ ᠳᠤᠷ᠎ᠠ ᠶᠢᠨ ᠠᠶᠠᠯᠠᠯ ᠢ ᠳᠡᠯᠭᠡᠷᠡᠭᠦᠯᠵᠦ ᠲᠠᠷᠢᠶᠠᠯᠠᠩ ᠤᠨ ᠪᠣᠯᠪᠠᠰᠤᠷᠠᠯ ᠢᠶᠠᠷ ᠬᠠᠪᠤᠷ ᠤᠨ ᠲᠠᠷᠢᠶᠠᠯᠠᠭ᠎ᠠ ᠶᠢ | ᠳᠡᠮᠵᠢᠬᠦ︾ ᠲᠤᠰᠬᠠᠢ ᠲᠠᠯᠠᠪᠠᠢ ᠭᠠᠷᠭᠠᠵᠤ᠂ ᠦᠵᠡᠭᠦᠯᠦᠯᠭᠡ ᠶᠢᠨ ᠰᠠᠮᠪᠠᠷ᠎ᠠ ᠶᠢᠨ ᠲᠠᠶᠢᠯᠪᠤᠷᠢᠯᠠᠯᠲᠠ᠂ ᠲᠤᠬᠠᠢ ᠶᠢᠨ | ᠲᠠᠯᠠᠪᠠᠢ ᠳᠤ ᠵᠢᠱᠢᠶ᠎ᠡ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠡᠷᠳᠡᠨᠢ | ᠰᠢᠰᠢ ᠶᠢᠨ ᠨᠢᠭᠡᠴᠢ ᠭᠠᠷᠤᠯᠲᠠ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ᠂ ᠲᠠᠷᠢᠶᠠᠨ ᠡᠮ ᠤᠨ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠡᠷᠡᠭᠯᠡᠭᠡᠨ ᠤ ᠮᠡᠷᠭᠡᠵᠢᠯ ᠤᠨ ᠵᠢᠯᠤᠭᠤᠳᠤᠯᠭ᠎ᠠ ᠬᠠᠩᠭᠠᠬᠤ ᠶᠢᠨ ᠬᠠᠮᠲᠤ | ᠬᠥᠮᠦᠨ ᠮᠠᠯ ᠳᠤ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ᠂ ᠬᠠᠪᠤᠷ ᠤᠨ | ᠲᠠᠷᠢᠶᠠᠯᠠᠭ᠎ᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠭᠦ ᠬᠦᠴᠦᠨ ᠨᠡᠮᠡᠷᠢᠯᠡᠪᠡ᠃ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠮᠠᠲ᠋ᠧᠷᠢᠶᠠᠯ ᠲᠠᠷᠬᠠᠭᠠᠬᠤ᠂ ᠬᠠᠷᠢᠯᠴᠠᠨ ᠠᠰᠠᠭᠤᠬᠤ ᠠᠰᠠᠭᠤᠯᠲᠠ ᠬᠠᠷᠢᠭᠤᠯᠬᠤ ᠪᠠᠷ | ᠳᠠᠮᠵᠢᠭᠤᠯᠤᠨ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠨᠢᠭᠡᠴᠢ ᠲᠣᠰ ᠲᠣᠰ | ᠮᠡᠬᠡᠯᠡᠯ ᠢ ᠡᠰᠡᠷᠭᠦᠴᠡᠬᠦ ᠬᠠᠤᠯᠢ ᠲᠦᠭᠡᠮᠡᠯᠵᠢᠭᠦᠯᠬᠦ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ᠂ | ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠮᠡᠳᠡᠯᠭᠡ ᠶᠢ ᠲᠦᠭᠡᠮᠡᠯᠵᠢᠭᠦᠯᠵᠦ᠂ | ᠦᠨᠳᠦᠰᠦᠨ ᠱᠠᠲᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | | | | | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠲᠣᠭᠤᠷᠢᠭ ᠠᠳᠠᠯᠢᠬᠠᠨ ᠬᠥᠮᠦᠨ ᠤ ᠳᠠᠯᠠᠢ ᠪᠤᠯᠪᠠ᠃ | ᠢᠦᠶ ᠴᠢᠤᠸᠠᠨ ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠨᠢᠭᠡᠳᠦᠭᠡᠷ ᠳᠠᠪᠬᠤᠷᠯᠢᠭ ᠤᠨ ᠦᠢᠯᠡᠳᠦᠯᠭᠡ ᠶᠢᠨ ᠥᠷᠲᠡᠭᠡ ᠳᠤ ᠡᠷᠡᠭᠦᠯ ᠮᠡᠨᠳᠦ ᠶᠢᠨ | ᠠᠯᠪᠠᠨ ᠵᠢᠷᠤᠮ ᠤᠨ ᠡᠮᠴᠢᠯᠡᠭᠡ ᠥᠷᠨᠢᠭᠦᠯᠵᠦ᠂ ᠲᠣᠰᠬᠤᠨ ᠤ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ | ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠨ ᠥᠭᠬᠦ ᠶᠢᠨ ᠬᠠᠮᠲᠤ ᠤᠳᠠᠭᠠᠨ ᠴᠢᠨᠠᠷᠲᠠᠶ ᠡᠪᠡᠳᠴᠢᠨ ᠢ | ᠰᠡᠷᠭᠡᠶᠢᠯᠡᠨ ᠵᠠᠰᠠᠬᠤ ᠵᠥᠪᠯᠡᠯᠭᠡ ᠬᠠᠩᠭᠠᠪᠠ︔ ᠨᠡᠶᠢᠭᠡᠮ ᠤᠨ ᠠᠵᠢᠯ ᠤᠨ ᠬᠡᠯᠲᠡᠰ᠂ ᠠᠷᠠᠳ ᠤᠨ ᠶᠠᠪᠤᠳᠠᠯ ᠤᠨ | ᠲᠣᠪᠴᠢᠶ᠎ᠠ ᠬᠠᠮᠲᠤᠷᠠᠨ ᠡᠪᠯᠡᠯ ᠤᠨ ᠬᠤᠷᠢᠶ᠎ᠠ ᠲᠠᠢ ᠬᠠᠮᠲᠤᠷᠠᠨ ︽ᠬᠡᠪ ᠵᠠᠩᠰᠢᠯ ᠢ ᠥᠭᠡᠷᠡᠴᠢᠯᠡᠵᠦ ᠬᠠᠩᠰᠢ ᠶᠢ | ᠥᠩᠭᠡᠷᠡᠭᠦᠯᠬᠦ︾ ᠰᠠᠨᠠᠭᠠᠴᠢᠯᠠᠭ᠎ᠠ ᠭᠠᠷᠭᠠᠵᠤ᠂ ᠤᠳᠪᠠᠯᠠ ᠴᠡᠴᠡᠭ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠪᠠᠷ ᠳᠠᠮᠵᠢᠭᠤᠯᠤᠨ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠪᠦᠷᠢᠯᠭᠡᠨ ᠰᠦᠢᠳᠭᠡᠬᠦ | ᠮᠠᠭᠤ ᠳᠠᠳᠬᠠᠯ ᠢ ᠲᠠᠶᠠᠭᠳᠠᠭᠤᠯᠤᠨ᠂ ᠪᠣᠬᠢᠷᠲᠤᠯ ᠥᠬᠡᠶ ᠬᠠᠩᠰᠢ ᠶᠢᠨ ᠣᠨᠣᠯᠵᠢᠬᠤᠨ ᠢ ᠳᠠᠮᠵᠢᠭᠤᠯᠬᠤ ᠶᠢ | ᠤᠷᠢᠶᠠᠯᠠᠪᠠ᠃ | | | | | ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠣᠭᠤᠷᠢᠭ — ᠪᠠᠯᠭᠠᠰᠤ — ᠲᠣᠰᠬᠤᠨ︾ | ᠭᠤᠷᠪᠠᠨ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ | ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠣᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ | ᠦᠨᠳᠦᠰᠦᠨ ᠱᠠᠲᠤᠨ ᠤ ᠵᠠᠰᠠᠯᠲᠠ ᠲᠠᠢ ᠭᠦᠨᠵᠡᠭᠡᠶ ᠠᠭᠤᠰᠤᠯᠴᠠᠭᠤᠯᠪᠠ᠃ ᠢᠦᠢ ᠴᠢᠤᠸᠠᠨ ᠲᠣᠭᠤᠷᠢᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ | ᠭᠡᠷ ᠤᠨ ᠡᠷᠬᠢᠯᠡᠭᠴᠢ ᠵᠠᠩ ᠷᠦᠢ ᠰᠢᠶᠠ᠄ ︽ᠬᠠᠩᠰᠢ ᠶᠢᠨ ᠡᠳᠦᠷ ᠪᠣᠯ ᠤᠷᠢᠳᠤᠬᠢ ᠬᠥᠮᠦᠰ ᠢ ᠳᠤᠷᠠᠰᠤᠨ | ᠰᠠᠨᠠᠭᠠᠯᠵᠠᠬᠤ ᠪᠠᠶᠠᠷ ᠤᠨ ᠡᠳᠦᠷ ᠪᠣᠯᠬᠤ ᠪᠠᠷ ᠪᠠᠷᠠᠬᠤ ᠦᠭᠡᠢ᠂ ᠨᠡᠩ ᠴᠤ ᠤᠯᠠᠮᠵᠢᠯᠠᠯ ᠢ ᠪᠠᠳᠠᠷᠠᠭᠤᠯᠵᠤ᠂ ᠤᠯᠠᠨ | ᠲᠦᠮᠡᠨ ᠳᠤ ᠦᠢᠯᠡᠴᠢᠯᠡᠬᠦ ᠴᠢᠬᠤᠯᠠ ᠠᠵᠠ ᠲᠣᠬᠢᠶᠠᠯ ᠪᠣᠯᠤᠨ᠎ᠠ᠃ ᠢᠷᠡᠭᠡᠳᠦᠢ ᠳᠤ ᠪᠢᠳᠡ ᠦᠷᠭᠦᠯᠵᠢᠯᠡᠨ ᠪᠠᠶᠠᠷ ᠤᠨ | ᠡᠳᠦᠷ ᠢᠶᠠᠷ ᠠᠴᠢᠶᠠᠯᠠᠪᠤᠷᠢ ᠪᠣᠯᠭᠠᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠪᠣᠯᠪᠠᠰᠤᠨ ᠤ | ᠦᠢᠯᠡᠳᠦᠯᠭᠡ ᠶᠢ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠤᠨ ᠰᠡᠳᠬᠢᠯ ᠢ ᠰᠢᠮᠡᠵᠢᠭᠦᠯᠦᠨ᠎ᠡ︾ ᠭᠡᠵᠦ | ᠢᠯᠡᠳᠭᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |