ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠰᠦᠯᠵᠢᠶ᠎ᠡ ᠪᠠ ᠪᠣᠳᠠᠲᠤ ᠴᠣᠭᠴᠠ ᠶᠢ ᠨᠢᠭᠡ ᠴᠣᠭᠴᠠᠵᠢᠭᠤᠯᠤᠭᠰᠠᠨ ᠡᠮ | ᠬᠤᠳᠠᠯᠳᠤᠨ ᠠᠪᠬᠤ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠲᠣᠭᠠᠴᠢᠯᠠᠭᠤᠯᠬᠤ ᠥᠭᠡᠷᠡᠴᠢᠯᠡᠯᠲᠡ ᠪᠠᠷ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠠᠪᠲᠠᠷᠡᠭᠦᠯᠵᠦ᠂ | ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ︽ᠰᠦᠯᠵᠢᠶᠡᠨ ᠳᠡᠭᠡᠷ᠎ᠡ ᠦᠨ᠎ᠡ ᠠᠳᠠᠯᠢᠳᠬᠠᠬᠤ - | ᠰᠦᠯᠵᠢᠶ᠎ᠡ ᠪᠠᠷ ᠵᠠᠬᠢᠶᠠᠯᠠᠬᠤ - ᠰᠦᠯᠵᠢᠶᠡᠨ ᠳᠡᠭᠡᠷ᠎ᠡ ᠡᠮ ᠡᠮᠨᠡᠯᠭᠡ ᠶᠢᠨ ᠳᠠᠭᠠᠳᠬᠠᠯ ᠤᠨ ᠲᠡᠰᠦᠯᠦᠨ ᠪᠣᠳᠣᠯᠲᠠ ᠬᠢᠬᠦ | - ᠴᠠᠭ ᠲᠤᠬᠠᠢ ᠳᠤᠨᠢ ᠲᠣᠬᠢᠷᠠᠭᠤᠯᠤᠨ ᠬᠦᠷᠭᠡᠬᠦ︾ ᠶᠢ ᠪᠡᠶᠡᠯᠡᠭᠦᠯᠵᠦ᠂ ᠠᠷᠠᠳ ᠲᠤ ᠲᠥᠭᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠡᠢ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠵᠢᠩ ᠳ᠋ᠦᠩ ᠵᠡᠷᠭᠡ ᠡᠯᠧᠺᠲᠷᠣᠨ | ᠬᠤᠳᠠᠯᠳᠤᠭᠠᠨ ᠤ ᠲᠠᠪᠴᠠᠩ ᠳᠤ ᠭᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠲᠤᠰᠬᠠᠢ | ᠲᠣᠭᠤᠷᠢᠭ ᠲᠤ ᠣᠷᠣᠵᠤ᠂ ᠬᠤᠳᠠᠯᠳᠤᠨ ᠠᠪᠬᠤ ᠭᠡᠵᠦ ᠪᠠᠶᠢᠭ᠎ᠠ ᠡᠮ ᠤᠨ ᠵᠦᠢᠯ ᠤᠨ ᠨᠡᠷ᠎ᠡ ᠪᠠᠨ ᠣᠷᠣᠭᠤᠯᠪᠠᠯ | ᠲᠠᠪᠴᠠᠩ ᠨᠢ ᠡᠯ᠎ᠡ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠬᠤᠳᠠᠯᠳᠤᠭᠠᠯᠠᠬᠤ ᠦᠨ᠎ᠡ ᠶᠢ ᠳᠡᠯᠭᠡᠨ | ᠦᠵᠡᠭᠦᠯᠵᠦ᠂ ᠠᠳᠠᠯᠢᠬᠠᠨ ᠨᠢᠭᠡ ᠬᠤᠲᠠ ᠳᠤ ᠠᠳᠠᠯᠢᠬᠠᠨ ᠨᠢᠭᠡ ᠪᠦᠲᠦᠭᠡᠭᠳᠡᠬᠦᠨ ᠤ ᠦᠨ᠎ᠡ ᠶᠢ ᠬᠥᠨᠳᠡᠯᠡᠨ ᠢᠶᠠᠷ | ᠬᠠᠷᠢᠴᠠᠭᠤᠯᠬᠤ ᠶᠢ ᠳᠡᠮᠵᠢᠨ᠎ᠠ︔ ᠡᠮ ᠬᠤᠳᠠᠯᠳᠤᠨ ᠠᠪᠤᠭᠴᠢ ᠬᠡᠷᠪᠡ ᠬᠥᠬᠡ ᠥᠩᠭᠡ ᠶᠢᠨ ︽ᠡᠮ ᠡᠮᠨᠡᠯᠭᠡ ᠶᠢᠨ | ᠳᠠᠭᠠᠳᠬᠠᠯ︾ ᠤᠨ ᠲᠡᠮᠳᠡᠭ ᠲᠠᠢ ᠵᠣᠷ ᠤᠨ ᠪᠤᠰᠤ ᠡᠮ ᠤᠨ ᠵᠦᠢᠯ ᠢ ᠵᠠᠬᠢᠶᠠᠯᠠᠵᠤ᠂ ︽ᠡᠮ ᠡᠮᠨᠡᠯᠭᠡ ᠶᠢᠨ | ᠳᠠᠭᠠᠳᠬᠠᠯ ᠤᠨ ᠨᠡᠭᠦᠳᠡᠯ ᠲᠣᠭᠠᠴᠠᠭ᠎ᠠ︾ ᠶᠢᠨ ᠴᠢᠳᠠᠮᠵᠢ ᠶᠢ ᠬᠡᠷᠡᠭᠯᠡᠪᠡᠯ ᠡᠮ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠥᠨ ᠤ ᠲᠠᠩᠰᠠᠠ ᠡᠷᠦᠭᠡ ᠶᠢᠨ ᠡᠮ ᠬᠤᠳᠠᠯᠳᠤᠨ ᠠᠪᠬᠤ ᠪᠦᠭᠦ ᠶᠠᠪᠤᠴᠠ ᠶᠢᠨ ᠦᠢᠯᠡᠴᠢᠯᠡᠭᠡ ᠶᠢ ᠬᠦᠷᠲᠡᠵᠦ | ᠪᠤᠯᠬᠤ ᠪᠥᠭᠡᠳ ᠡᠮ ᠤᠨ ᠵᠦᠢᠯ ᠢ ᠰᠢᠭᠤᠳ ᠭᠡᠷ ᠲᠡᠭᠡᠨ ᠬᠦᠷᠭᠡᠯᠭᠡᠵᠦ᠂ ︽ᠰᠦᠯᠵᠢᠶᠡᠨ ᠳᠡᠭᠡᠷ᠎ᠡ ᠡᠮ ᠬᠤᠳᠠᠯᠳᠤᠨ | ᠠᠪᠬᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂ ᠭᠡᠷ ᠲᠡᠭᠡᠨ ᠰᠠᠭᠤᠵᠤ ᠪᠠᠶᠢᠭᠠᠳ ᠡᠮ ᠬᠦᠷᠭᠡᠯᠭᠡᠬᠦ | ︾ ᠳᠥᠭᠦᠮ ᠳᠥᠲᠡ ᠦᠢᠯᠡᠴᠢᠯᠡᠭᠡ ᠶᠢ ᠦᠨᠡᠨ ᠬᠦ ᠬᠦᠷᠲᠡᠵᠦ ᠪᠣᠯᠣᠨ᠎ᠠ ᠭᠡᠵᠡᠢ᠃ | ᠣᠳᠣᠬᠠᠨ ᠳᠤ᠂ ᠭᠦᠭᠡᠬᠤᠲᠠ᠂ ᠪᠤᠭᠤᠲᠤ᠂ ᠬᠢᠩᠭᠠᠨ ᠠᠶᠢᠮᠠᠭ ᠤᠨ 380 ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠰᠦᠯᠵᠢᠶᠡᠨ ᠳᠡᠭᠡᠷᠡᠬᠢ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ | ᠦᠢᠯᠡᠴᠢᠯᠡᠭᠡ ᠶᠢ ᠨᠠᠪᠲᠠᠷᠡᠭᠦᠯᠵᠦ᠂ ᠵᠢᠩ ᠳ᠋ᠦᠩ ᠵᠡᠷᠭᠡ ᠣᠯᠠᠨ ᠡᠯᠧᠺᠲᠷᠣᠨ ᠬᠤᠳᠠᠯᠳᠤᠭᠠᠨ ᠤ ᠲᠠᠪᠴᠠᠩ ᠢ | ᠬᠠᠮᠤᠷᠴᠤ᠂ ᠪᠤᠰᠤᠳ ᠠᠶᠢᠮᠠᠭ ᠬᠤᠲᠠ ᠵᠢᠴᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠴᠤ | ᠵᠠᠯᠭᠠᠭᠤᠯᠵᠤ ᠪᠠᠶᠢᠨ᠎ᠠ᠃ ᠲᠣᠰ ᠦᠢᠯᠡᠴᠢᠯᠡᠭᠡ ᠨᠡᠪᠲᠡᠷᠡᠭᠰᠡᠨ ᠠᠴᠠ ᠨᠠᠭᠠᠰᠢ ᠵᠠᠬᠢᠶᠠᠯᠠᠭ᠎ᠠ ᠶᠢ ᠨᠡᠶᠢᠲᠡ 9403 | ᠬᠤᠪᠢ ᠭᠦᠢᠴᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠲᠡᠰᠦᠯᠦᠨ | ᠪᠤᠳᠤᠬᠰᠠᠨ ᠵᠣᠭᠤᠰ ᠤᠨ ᠲᠤᠭ᠎ᠠ ᠨᠢ 26.72 ᠲᠦᠮᠡᠨ ᠲᠥᠭᠦᠷᠢᠭ ᠲᠤ ᠬᠦᠷᠴᠡᠢ᠃ |