ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2 ᠤᠨ ᠡᠳᠦᠷ | ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠲᠦᠩᠯᠥ᠋ᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠵᠤ᠂ ᠯᠠᠤᠰ ᠤᠨ ᠨᠠᠮ ᠪᠣᠯᠣᠨ ᠤᠯᠤᠰ ᠤᠨ ᠤᠤᠯ ᠤᠨ | ᠲᠡᠷᠢᠭᠦᠯᠡᠭᠴᠢ ᠺᠠᠨᠳᠠᠢ ᠶᠢᠨ ᠨᠠᠰᠤ ᠪᠠᠷᠠᠭᠰᠠᠨ ᠳᠤ ᠲᠤᠶᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠺᠠᠨᠳᠠᠢ | ᠨᠥᠬᠦᠷ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠪᠦᠭᠦ | ᠠᠭᠤᠯᠭ᠎ᠠ ᠨᠢ ᠳᠣᠣᠷᠠᠬᠢ ᠮᠡᠲᠦ᠄ | ᠯᠠᠤᠰ ᠤᠨ ᠨᠠᠮ ᠪᠣᠯᠣᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠨᠥᠬᠦᠷ ᠵᠣᠯ ᠪᠤᠰᠤ ᠪᠠᠷ ᠨᠠᠰᠤ ᠪᠠᠷᠠᠪᠠ᠃ | ᠪᠢ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ᠂ ᠲᠡᠷᠡᠴᠢᠯᠡᠨ ᠬᠤᠪᠢ ᠬᠥᠮᠥᠨ ᠤ ᠨᠡᠷ᠎ᠡ ᠪᠠᠷ ᠢᠶᠠᠨ ᠯᠠᠤᠰ ᠤᠨ ᠠᠷᠠᠳ ᠤᠨ ᠬᠤᠪᠢᠰᠬᠠᠯᠲᠤ | ᠨᠠᠮ᠂ ᠯᠠᠤᠰ ᠤᠨ ᠵᠠᠰᠠᠭ ᠤᠨ ᠣᠷᠳᠣᠨ᠂ ᠯᠠᠤᠰ ᠤᠨ ᠠᠷᠠᠳ ᠲᠦᠮᠡᠨ ᠳᠤ ᠺᠠᠨᠳᠠᠢ ᠨᠥᠬᠦᠷ ᠤᠨ ᠨᠠᠰᠤ ᠪᠠᠷᠠᠭᠰᠠᠨ ᠳᠤ | ᠲᠤᠶᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ ᠴᠢᠩ | ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ | ᠺᠠᠨᠳᠠᠢ ᠨᠥᠬᠦᠷ ᠪᠣᠯ ᠡᠷᠡᠰ ᠪᠠᠲᠤ ᠡᠪ ᠬᠠᠮᠲᠤ ᠶᠣᠰᠣᠨ ᠤ ᠦᠵᠡᠯᠲᠡᠨ ᠮᠥᠨ᠂ ᠯᠠᠤᠰ ᠤᠨ ᠨᠠᠮ ᠪᠣᠯᠣᠨ | ᠤᠯᠤᠰ ᠤᠨ ᠠᠬᠠᠮᠠᠳ ᠨᠢᠭᠡ ᠦᠶ᠎ᠡ ᠶᠢᠨ ᠭᠠᠷᠮᠠᠭᠠᠢ ᠤᠳᠤᠷᠢᠳᠬᠤ ᠬᠥᠮᠥᠨ ᠮᠥᠨ᠂ ᠳᠤᠮᠳᠠᠳᠤ ᠤᠯᠤᠰ ᠤᠨ ᠨᠠᠮ ᠪᠣᠯᠣᠨ | ᠠᠷᠠᠳ ᠲᠦᠮᠡᠨ ᠤ ᠳᠣᠲᠣᠨᠣ ᠨᠥᠬᠦᠷ ᠪᠠ ᠨᠠᠶᠢᠵᠠ ᠮᠥᠨ᠂ ᠯᠠᠤᠰ ᠤᠨ ᠰᠢᠨᠡᠴᠢᠯᠡᠯᠲᠡ ᠶᠢᠨ ᠠᠵᠢᠯ ᠦᠢᠯᠡᠰ ᠪᠣᠯᠣᠨ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠨᠢᠭᠡ ᠨᠠᠰᠤᠨ ᠤ ᠤᠶᠤᠨ ᠴᠢᠳᠠᠯ ᠢᠶᠠᠨ ᠡᠷᠭᠦᠵᠦ᠂ ᠳᠤᠮᠳᠠᠳᠤ | ᠯᠠᠤᠰ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠺᠠᠨᠳᠠᠢ ᠨᠥᠬᠦᠷ ᠢ ᠡᠭᠦᠷᠢᠳᠡ ᠳᠤᠷᠠᠰᠤᠨ | ᠰᠠᠨᠠᠭᠠᠯᠵᠠᠬᠤ ᠪᠣᠯᠣᠨ᠎ᠠ᠃ | ᠳᠤᠮᠳᠠᠳᠤ ᠯᠠᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠲᠤ ᠬᠥᠷᠰᠢ ᠤᠯᠤᠰ᠂ ᠰᠠᠶᠢᠨ | ᠵᠡᠷᠭᠡᠯᠡᠳᠡᠭᠡ᠂ ᠰᠠᠶᠢᠨ ᠨᠠᠶᠢᠵᠠ᠂ ᠰᠠᠶᠢᠨ ᠨᠥᠬᠦᠷ᠂ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠳᠤᠮᠳᠠᠳᠤ ᠯᠠᠤᠰ ᠤᠨ | ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠪᠠᠬᠢᠵᠢᠭᠦᠯᠦᠨ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠯᠠᠤᠰ ᠤᠨ ᠬᠢᠨ ᠲᠠᠢ ᠬᠠᠮᠲᠤ ᠪᠠᠷ ᠴᠢᠷᠮᠠᠶᠢᠵᠤ ᠳᠤᠮᠳᠠᠳᠤ ᠯᠠᠤᠰ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠤᠨ | ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠲᠦᠩᠯᠥ᠋ᠨ ᠨᠥᠬᠦᠷ ᠢᠶᠠᠷ | ᠲᠦᠷᠦᠭᠦᠯᠡᠭᠦᠯᠦᠭᠰᠡᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠯᠠᠤᠰ ᠤᠨ ᠨᠠᠮ ᠪᠣᠯᠣᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ | ᠲᠠᠰᠤᠷᠠᠯᠲᠠ ᠦᠭᠡᠢ ᠨᠡᠩ ᠶᠡᠭᠡ ᠰᠢᠨ᠎ᠡ ᠠᠮᠵᠢᠯᠲᠠ ᠣᠯᠬᠤ ᠶᠢ ᠬᠦᠰᠡᠨ ᠵᠥᠩᠨᠡᠵᠦ ᠪᠠᠶᠢᠨ᠎ᠠ᠃ | ᠺᠠᠨᠳᠠᠶ ᠨᠥᠬᠦᠷ ᠥᠨᠢᠳᠡ ᠪᠠᠯᠠᠷᠠᠰᠢ ᠦᠭᠡᠢ︕ |