ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ DeepSeek ᠵᠣᠬᠢᠶᠠᠮᠠᠯ ᠣᠶᠤᠨᠴᠢ | ᠡᠮᠴᠢᠯᠡᠭᠡᠨ ᠤ ᠲᠤᠰᠠᠯᠠᠮᠵᠢ ᠶᠢᠨ ᠰᠢᠰᠲ᠋ᠧᠮ ᠵᠢᠴᠢ ᠵᠦᠢ ᠵᠣᠬᠢᠰᠲᠠᠢ ᠡᠮ ᠬᠡᠷᠡᠭᠯᠡᠬᠦ ᠠᠵᠢᠯ ᠤᠨ ᠥᠷᠲᠡᠭᠡ ᠳᠤ | ᠵᠢᠩᠬᠢᠨᠢ ᠪᠠᠷ ᠨᠡᠪᠲᠡᠷᠡᠬᠦ ᠶᠢ ᠵᠠᠷᠯᠠᠵᠤ᠂ ᠲᠤᠰ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠦᠯᠦᠭ AI ᠪᠦᠬᠦ ᠪᠠᠶᠢᠳᠠᠯ ᠤᠨ ᠦᠨᠳᠦᠰᠦᠨ ᠱᠠᠲᠤᠨ ᠤ ᠤᠨᠤᠰᠢᠯᠠᠨ ᠡᠮᠨᠡᠬᠦ ᠪᠠᠶᠢᠭᠤᠯᠤᠮᠵᠢ | ᠪᠣᠯᠤᠭᠰᠠᠨ ᠢ ᠬᠠᠷᠠᠭᠤᠯᠵᠤ ᠪᠠᠶᠢᠨ᠎ᠠ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠨ ︽AI ᠵᠢᠯᠣᠭᠤᠳᠣᠭᠴᠢ | ᠪᠠᠭᠰᠢ︾ ᠬᠢᠭᠡᠳ ᠡᠮᠴᠢᠯᠡᠭᠡᠨ ᠤ ᠦᠢᠯᠡᠳᠦᠯᠭᠡ ᠶᠢᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠦᠨᠳᠦᠰᠦᠨ | ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃ | | | | | ᠲᠥᠪ ᠨᠢ DeeekSeek ᠰᠢᠰᠲ᠋ᠧᠮ ᠤᠨ ᠳᠥᠷᠪᠡᠨ ᠶᠡᠭᠡ ᠭᠤᠣᠯ ᠴᠢᠳᠠᠪᠬᠢᠲᠤ ᠬᠡᠰᠡᠭ ᠲᠤ | ᠲᠦᠰᠢᠭᠯᠡᠨ᠂ ᠣᠶᠤᠨᠴᠢᠯᠠᠭᠰᠠᠨ ᠤᠨᠤᠰᠢᠯᠠᠨ ᠡᠮᠨᠡᠬᠦ ᠰᠢᠰᠲ᠋ᠧᠮ ᠢ ᠪᠠᠶᠢᠭᠤᠯᠵᠤ᠂ 7000 ᠲᠥᠷᠥᠯ ᠤᠨ | ᠡᠪᠡᠳᠴᠢᠨ ᠢ ᠬᠠᠮᠤᠷᠤᠭᠰᠠᠨ ᠣᠶᠤᠨᠴᠢ ᠮᠡᠳᠡᠯᠭᠡ ᠶᠢᠨ ᠵᠢᠷᠤᠭ ᠤᠨ ᠵᠢᠭᠰᠠᠯ ᠢ ᠡᠮᠬᠢᠯᠡᠨ ᠨᠡᠶᠢᠯᠡᠭᠦᠯᠵᠦ᠂ ᠤᠨᠤᠰᠢᠯᠠᠬᠤ | ᠰᠠᠨᠠᠭᠤᠯᠭ᠎ᠠ ᠶᠢ ᠴᠠᠭ ᠲᠤᠬᠠᠢ ᠳᠤᠨᠢ ᠪᠣᠢ ᠪᠣᠯᠭᠠᠪᠠ︔ 39 ᠲᠥᠷᠥᠯ ᠤᠨ ᠪᠠᠴᠢᠮ ᠠᠶᠤᠯᠲᠠᠢ ᠬᠦᠨᠳᠦ ᠡᠪᠡᠳᠴᠢᠨ ᠤ | ᠣᠨᠴᠠᠯᠢᠭ ᠢ ᠣᠶᠤᠨᠴᠢ ᠪᠠᠷ ᠢᠯᠭᠠᠨ ᠲᠠᠨᠢᠵᠤ᠂ ᠤᠨᠤᠰᠢᠯᠠᠭᠰᠠᠨ ᠨᠣᠷᠮ᠎ᠠ ᠨᠢ 98.6% ᠳᠤ ᠬᠦᠷᠴᠡᠢ︔ ︽ | ᠣᠨᠣᠰᠢᠯᠠᠨ ᠡᠮᠨᠡᠬᠦ ᠶᠢᠨ ᠳᠠᠭᠠᠤ ᠴᠢᠨᠠᠷ ᠢ ᠡᠵᠡᠮᠳᠡᠬᠦ︾ ᠵᠠᠭᠪᠤᠷ ᠢ ᠠᠩᠬ᠎ᠠ ᠡᠭᠦᠳᠴᠦ᠂ ᠡᠪᠡᠳᠴᠢᠨ ᠤ ᠲᠡᠥᠬᠡ ᠶᠢᠨ | ᠵᠢᠷᠤᠮᠵᠢᠯ ᠤᠨ ᠨᠣᠷᠮ᠎ᠠ ᠨᠢ 72% ᠠᠴᠠ 96% ᠳᠤ ᠬᠦᠷᠴᠡᠢ︔ ᠡᠮ ᠤᠨ ᠵᠦᠢᠯ ᠤᠨ ᠲᠤᠭ᠎ᠠ ᠪᠠᠷᠢᠮᠲᠠ ᠶᠢᠨ | ᠪᠦᠷᠢᠳᠭᠡᠯ ᠨᠢ 1400 ᠭᠠᠷᠤᠢ ᠵᠦᠢᠯ ᠤᠨ ᠡᠮ ᠤᠨ ᠵᠦᠢᠯᠡᠰ ᠢ ᠪᠦᠷᠬᠦᠵᠦ᠂ ᠲᠤᠷᠰᠢᠨ ᠠᠵᠢᠯᠯᠠᠵᠤ ᠪᠠᠶᠢᠭ᠎ᠠ | ᠬᠤᠭᠤᠴᠠᠭᠠᠨ ᠳᠤ 136 ᠬᠤᠪᠢ ᠵᠦᠢ ᠵᠣᠬᠢᠰ ᠦᠭᠡᠢ ᠵᠣᠷ ᠢ ᠬᠠᠰᠢᠪᠠ︔ ᠭᠡᠷ ᠪᠦᠯᠢ ᠶᠢᠨ ᠡᠮᠴᠢ ᠶᠢᠨ | ᠦᠢᠯᠡᠴᠢᠯᠡᠭᠡ ᠳᠤ᠂ AI ᠠᠦ᠋ᠲ᠋ᠤ᠋ ᠤᠳᠠᠭᠠᠨ ᠴᠢᠨᠠᠷᠲᠠᠢ ᠡᠪᠡᠳᠴᠢᠨ ᠢ ᠳᠠᠭᠠᠵᠤ ᠰᠤᠷᠪᠤᠯᠵᠢᠯᠠᠬᠤ ᠲᠥᠰᠦᠯ ᠢ ᠪᠣᠢ | ᠪᠣᠯᠭᠠᠵᠤ᠂ ᠬᠡᠪ ᠤᠨ ᠪᠤᠰᠤ ᠭᠦᠢᠴᠡᠳᠬᠡᠯ ᠲᠤᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ ᠦᠷ᠎ᠡ | ᠪᠦᠲᠦᠮᠵᠢ ᠶᠢ 50% ᠪᠠᠷ ᠳᠡᠭᠡᠭᠰᠢᠯᠡᠭᠦᠯᠵᠦ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢ | ᠴᠤᠭᠯᠠᠭᠤᠯᠬᠤ ᠦᠷ᠎ᠡ ᠪᠦᠲᠦᠮᠵᠢ ᠶᠢ 60% ᠪᠠᠷ ᠳᠡᠭᠡᠭᠰᠢᠯᠡᠭᠦᠯᠪᠡ᠃ | | | | | ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠯᠢᠦ ᠽᠦᠩ ᠶᠦᠨ ᠢᠯᠡᠷᠬᠡᠶᠢᠯᠡᠬᠦ ᠳᠡᠭᠡᠨ᠂ DeeekSeek ᠰᠢᠰᠲ᠋ᠧᠮ ᠳᠤ | ᠵᠠᠯᠭᠠᠭᠰᠠᠨ ᠤ ᠳᠠᠷᠠᠭ᠎ᠠ᠂ ᠡᠮᠴᠢ ᠡᠪᠡᠳᠴᠢᠲᠡᠨ ᠤ ᠦᠴᠢᠬᠦ ᠪᠠ ᠡᠪᠡᠳᠴᠢᠨ ᠤ ᠲᠡᠤᠬᠡ ᠪᠠᠷ ᠳᠠᠮᠵᠢᠭᠤᠯᠤᠨ ᠣᠶᠤᠨᠴᠢ | ᠣᠨᠣᠰᠢᠯᠠᠯᠲᠠ ᠶᠢᠨ ᠰᠠᠨᠠᠭᠤᠯᠭ᠎ᠠ ᠶᠢ ᠲᠦᠷᠭᠡᠨ ᠣᠯᠵᠤ᠂ ᠴᠢᠬᠤᠯᠠ ᠪᠤᠰᠤ ᠪᠠᠶᠢᠴᠠᠭᠠᠯᠲᠠ ᠶᠢ ᠪᠠᠭᠠᠰᠬᠠᠵᠤ᠂ | ᠰᠢᠰᠲ᠋ᠧᠮ ᠨᠢ ᠪᠠᠰᠠ ᠥᠪᠡᠷᠮᠢᠴᠡ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠵᠤ ᠪᠣᠯᠤᠨ᠎ᠠ᠂ ᠵᠢᠱᠢᠶᠡᠯᠡᠪᠡᠯ ︽ | ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶᠠᠨ ᠤ ᠣᠶᠤᠨ ᠤ ᠤᠭᠤᠲᠠ ᠶᠢᠨ ᠪᠦᠯᠬᠦᠮ︾ ᠢ ᠳᠣᠭᠢᠷᠠᠭᠤᠯᠵᠤ | ᠪᠣᠯᠤᠨ᠎ᠠ᠃ | | | | | ᠣᠶᠢᠯᠠᠭᠠᠭᠰᠠᠨ ᠢᠶᠠᠷ᠂ AI ᠰᠢᠰᠲ᠋ᠧᠮ ᠢ ᠰᠦᠯᠵᠢᠶᠡᠨ ᠳᠤ ᠬᠤᠯᠪᠤᠭᠰᠠᠨ ᠭᠤᠷᠪᠠᠨ ᠰᠠᠷ᠎ᠠ ᠶᠢᠨ ᠲᠤᠷᠰᠢ | ᠢᠯᠡᠳᠲᠡ ᠦᠷ᠎ᠡ ᠪᠦᠲᠦᠮᠵᠢ ᠣᠯᠵᠤ᠂ ᠡᠭᠦᠳᠡᠨ ᠡᠮᠨᠡᠯᠭᠡ ᠶᠢᠨ ᠣᠨᠣᠰᠢᠯᠠᠯᠲᠠ ᠶᠢᠨ ᠲᠡᠮᠳᠡᠭ ᠤᠨ ᠨᠣᠷᠮ᠎ᠠ ᠶᠢ 94. | 8% ᠪᠣᠯᠲᠠᠯ᠎ᠠ ᠳᠡᠭᠡᠭᠰᠢᠯᠡᠭᠦᠯᠵᠦ᠂ ᠡᠪᠡᠳᠴᠢᠨ ᠤ ᠲᠡᠥᠬᠡ ᠶᠢ ᠬᠢᠨᠠᠨ ᠪᠠᠶᠢᠴᠠᠭᠠᠬᠤ ᠴᠠᠭ ᠢ 70% ᠪᠠᠷ | ᠪᠣᠭᠤᠨᠢᠰᠬᠠᠵᠤ᠂ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ 98.5% ᠳᠤ ᠬᠦᠷᠴᠡᠶ᠃ ᠢᠯᠠᠩᠭᠤᠶ᠎ᠠ ᠶᠡᠷᠦᠩᠬᠡᠶ | ᠰᠠᠯᠠᠭᠠᠨ ᠤ ᠬᠦᠯᠢᠶᠡᠨ ᠠᠪᠴᠤ ᠡᠮᠨᠡᠬᠦ ᠶᠠᠪᠤᠴᠠ ᠳᠤ᠂ AI ᠬᠠᠪᠰᠤᠷᠤᠨ 3 ᠠᠩᠬᠠᠨ ᠤ ᠬᠤᠭᠤᠴᠠᠭᠠᠨ ᠤ ᠬᠠᠪᠤᠳᠠᠷ᠂ | ᠳᠠᠯᠳᠠ ᠡᠮ ᠳᠤ ᠬᠠᠷᠰᠢᠬᠤ 11 ᠠᠶᠤᠯ ᠶᠡᠬᠡᠲᠡᠶ ᠡᠪᠡᠳᠴᠢᠨ ᠤ ᠵᠢᠱᠢᠶ᠎ᠡ ᠶᠢ ᠢᠯᠭᠠᠨ ᠲᠣᠳᠣᠯᠠᠵᠤ᠂ ᠡᠮᠴᠢᠯᠡᠭᠡᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠪᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |